ᠤᠯᠠᠭᠠᠨᠬᠤᠲᠠ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠶᠡᠷᠦᠩᠬᠡᠶ ᠡᠮᠨᠡᠯᠭᠡ ᠶᠢᠨ ᠬᠤᠷᠢᠶ᠎ᠠ ᠶᠢᠨ ᠱᠧᠩᠯᠢ ᠨᠡᠶᠢᠭᠡᠮ ᠲᠣᠭᠤᠷᠢᠭ ᠬᠤᠪᠢᠶᠠᠷᠢ ᠬᠤᠷᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠦ ᠰᠢᠯᠢᠳᠡᠭ ᠡᠮᠴᠢᠯᠡᠭᠡᠨ ᠤ ᠦᠢᠯᠡᠴᠢᠯᠡᠭᠡ ᠬᠠᠨᠭ᠍ᠭᠠᠨ ᠠᠷᠠᠳ ᠤᠨ ᠰᠡᠳᠬᠢᠯ ᠢ ᠳᠤᠯᠠᠭᠠᠴᠠᠭᠤᠯᠵᠠᠢ
ᠨᠡᠶᠢᠲᠡᠯᠡᠭᠰᠡᠨ ᠴᠠᠭ᠄
2025/2/6
        ᠦᠨᠳᠦᠰᠦᠨ ᠡᠮᠴᠢᠯᠡᠭᠡ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠪᠠᠷ᠂ ᠤᠯᠠᠭᠠᠨᠬᠤᠲᠠ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠶᠡᠷᠦᠩᠬᠡᠶ ᠡᠮᠨᠡᠯᠭᠡ ᠶᠢᠨ ᠬᠤᠷᠢᠶ᠎ᠠ ᠶᠢᠨ ᠱᠧᠩᠯᠢ ᠨᠡᠶᠢᠭᠡᠮ ᠲᠣᠭᠤᠷᠢᠭ ᠬᠤᠪᠢᠶᠠᠷᠢ ᠬᠤᠷᠢᠶ᠎ᠠ ᠨᠢ ︽ᠠᠷᠠᠳ ᠲᠦᠮᠡᠨ ᠤ ᠡᠷᠡᠭᠦᠯ ᠮᠡᠨᠳᠦ ᠪᠠᠷ ᠭᠤᠤᠯ ᠪᠣᠯᠭᠠᠬᠤ︾ ᠦᠢᠯᠡᠴᠢᠯᠡᠭᠡᠨ ᠤ ᠣᠨᠣᠯᠵᠢᠬᠤᠨ ᠢ ᠡᠮᠴᠢᠯᠡᠭᠡᠨ ᠤ ᠦᠢᠯᠡᠴᠢᠯᠡᠭᠡᠨ ᠤ ᠡᠯ᠎ᠡ ᠭᠤᠭᠴᠤᠭ᠎ᠠ ᠳᠤ ᠳᠤᠭᠤᠰᠢᠯᠠᠭᠤᠯᠤᠨ᠂ ᠡᠪᠡᠳᠴᠢᠨ ᠦᠵᠡᠭᠦᠯᠬᠦ ᠶᠢᠨ ᠵᠠᠩᠭᠢᠯᠠᠭ᠎ᠠ ᠶᠢᠨ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠡᠷᠡᠭᠦᠯ ᠮᠡᠨᠳᠦ ᠶᠢ ᠰᠠᠶᠢᠳᠤᠷ ᠪᠠᠳᠤᠯᠠᠵᠦ ᠪᠤᠢ᠃        ᠡᠪᠡᠳᠴᠢᠲᠡᠨ ᠤ ᠡᠷᠡᠭᠦᠯ ᠮᠡᠨᠳᠦ ᠶᠢᠨ ᠪᠠᠶᠢᠳᠠᠯ ᠢ ᠴᠠᠭ ᠲᠤᠬᠠᠶ ᠳᠤᠨᠢ ᠣᠶᠢᠯᠠᠭᠠᠬᠤ ᠶᠢᠨ ᠲᠥᠯᠥᠭᠡ᠂ ᠡᠮᠴᠢ ᠰᠤᠪᠢᠯᠠᠭᠴᠢᠳ ᠡᠷᠦᠭᠡ ᠪᠠᠷ ᠬᠦᠷᠴᠦ ᠳᠠᠭᠠᠵᠤ ᠰᠤᠷᠪᠤᠯᠵᠢᠯᠠᠬᠤ᠂ ᠡᠷᠡᠭᠦᠯ ᠮᠡᠨᠳᠦ ᠶᠢᠨ ᠪᠠᠶᠢᠴᠠᠭᠠᠯᠲᠠ ᠬᠢᠬᠦ ᠵᠡᠷᠭᠡ ᠠᠷᠭ᠎ᠠ ᠮᠠᠶ᠋ᠢᠭ ᠢ ᠠᠪᠴᠤ᠂ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠥᠪᠡᠷᠮᠢᠴᠡ ᠲᠥᠰᠦᠯ ᠬᠠᠩᠭᠠᠵᠤ᠂ ᠬᠡᠷ ᠪᠦ᠋ᠯᠢ ᠶᠢᠨ ᠡᠮᠴᠢ ᠶᠢᠨ ᠪᠦᠯᠬᠦᠮ ᠤᠨ ᠬᠢᠨ ᠨᠡᠶᠢᠭᠡᠮ ᠲᠣᠭᠤᠷᠢᠭ ᠲᠤ ᠢᠳᠡᠪᠬᠢᠲᠡᠶ ᠭᠦᠨᠵᠡᠭᠡᠶᠢᠷᠡᠨ ᠣᠯᠠᠨ ᠲᠠᠯᠠᠪᠤᠷ ᠡᠷᠡᠭᠦᠯ ᠮᠡᠨᠳᠦ ᠶᠢᠨ ᠲᠠᠶᠢᠯᠤᠮᠵᠢ ᠪᠠ ᠣᠯᠠᠨ ᠨᠡᠶᠢᠲᠡ ᠶᠢᠨ ᠠᠰᠠᠭᠤᠨ ᠯᠠᠪᠯᠠᠬᠤ ᠠᠵᠢᠯᠯᠠᠭ᠎ᠠ ᠥᠷᠨᠢᠭᠦᠯᠵᠦ᠂ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠬᠦ᠂ ᠰᠢᠮ᠎ᠡ ᠲᠡᠵᠢᠭᠡᠯ ᠲᠠᠢ ᠢᠳᠡᠭᠡᠨ ᠤᠮᠳᠠᠭᠠᠨ᠂ ᠬᠢᠲᠠᠳ ᠡᠮᠨᠡᠯᠭᠡ ᠶᠢᠨ ᠪᠡᠶ᠎ᠡ ᠰᠤᠪᠢᠯᠠᠯᠲᠠ ᠵᠡᠷᠭᠡ ᠶᠢᠨ ᠲᠣᠭᠤᠷᠢᠨ ᠳᠤ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠪᠡ᠃ 2024 ᠣᠨ ᠳᠤ᠂ ᠬᠡᠷ ᠲᠤᠨᠢ ᠬᠦᠷᠴᠦ ᠳᠠᠭᠠᠵᠤ ᠰᠤᠷᠪᠤᠯᠵᠢᠯᠠᠬᠤ ᠶᠢ 5115 ᠬᠥᠮᠦᠨ ︵ᠤᠳᠠᠭ᠎ᠠ︶ ᠪᠡᠶᠡᠯᠡᠭᠦᠯᠵᠦ᠂ ᠬᠠᠷᠢᠶ᠎ᠠ ᠣᠷᠣᠨ ᠤ 65 ᠨᠠᠰᠤ ᠵᠢᠴᠢ 65 ᠨᠠᠰᠤᠨ ᠠᠴᠠ ᠳᠡᠭᠡᠭᠰᠢᠬᠢ 4000 ᠭᠠᠷᠤᠶ ᠰᠠᠭᠤᠭᠠᠯᠢ ᠠᠷᠠᠳ ᠲᠤ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠵᠤ᠂ ᠭᠤᠤᠯᠳᠠᠯᠭ᠎ᠠ ᠲᠠᠢ ᠬᠥᠮᠦᠰ ᠤᠨ ᠡᠷᠡᠭᠦᠯ ᠮᠡᠨᠳᠦ ᠶᠢᠨ ᠬᠡᠷᠡᠭᠴᠡᠭᠡ ᠶᠢ ᠪᠦᠲᠦᠮᠵᠢᠲᠡᠶ ᠪᠠᠲᠤᠯᠠᠪᠠ᠃        ᠬᠡᠷ ᠪᠦᠯᠢ ᠶᠢᠨ ᠡᠮᠴᠢ ᠥᠨᠳᠥᠷ ᠨᠠᠰᠤᠯᠠᠬᠰᠠᠨ ᠪᠠ ᠬᠥᠳᠡᠯᠵᠦ ᠪᠠᠷᠢᠬᠤ ᠳᠤ ᠳᠥᠭᠦᠮ ᠦᠭᠡᠢ ᠭᠡᠷ᠎ᠡ ᠲᠣᠭᠲᠠᠭᠰᠠᠨ ᠡᠪᠡᠳᠴᠢᠲᠡᠨ ᠳᠤ ᠬᠡᠷ ᠲᠤᠨᠢ ᠬᠦᠷᠴᠦ ᠦᠢᠯᠡᠴᠢᠯᠡᠬᠦ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠨᠦᠭᠦᠳ ᠣᠯᠠᠨ ᠥᠷᠲᠡᠭᠡ ᠴᠡᠭ ᠢᠶᠠᠷ ᠬᠤᠯᠪᠣᠭᠠᠯᠠᠨ ᠬᠥᠳᠡᠯᠦᠯᠴᠡᠵᠦ᠂ ᠤᠳᠠᠭᠠᠨ ᠴᠢᠨᠠᠷᠲᠠᠶ ᠡᠪᠡᠳᠴᠢᠨ ᠲᠠᠢ ᠭᠤᠤᠯᠳᠠᠯᠭ᠎ᠠ ᠲᠠᠢ ᠬᠥᠮᠦᠰ ᠤᠨ ᠦᠨᠳᠦᠰᠦᠨ ᠪᠠᠶᠢᠴᠠᠭᠠᠯᠲᠠ᠂ ᠡᠮ ᠬᠡᠷᠡᠭᠯᠡᠬᠦ ᠶᠢ ᠵᠢᠯᠣᠭᠤᠳᠬᠤ ᠵᠡᠷᠭᠡ ᠡᠭᠦᠷᠭᠡ ᠶᠢ ᠡᠭᠦᠷᠭᠡᠯᠡᠭᠦᠯᠵᠦ᠂ ᠣᠯᠠᠨ ᠲᠦᠮᠡᠨ ᠳᠤ ᠡᠪᠡᠳᠴᠢᠨ ᠦᠵᠡᠬᠦᠯᠵᠦ ᠡᠮ ᠠᠪᠬᠤ ︽ᠬᠠᠮᠤᠬ ᠡᠴᠤᠰ ᠤᠨ ᠨᠢᠭᠡ ᠺᠢᠯᠤᠮᠧᠲᠷ︾ ᠢ ᠨᠡᠪᠳᠡᠷᠡᠬᠦᠯᠪᠡ᠃ ᠡᠮᠴᠢ ᠰᠤᠪᠢᠯᠠᠭᠴᠢᠳ ᠪᠠᠰᠠ ᠰᠠᠭᠤᠭᠠᠯᠢ ᠠᠷᠠᠳ ᠤᠨ ᠲᠣᠭᠤᠷᠢᠭ᠂ ᠰᠤᠷᠭᠠᠭᠤᠯᠢ᠂ ᠬᠠᠷᠢᠶᠠᠲᠤ ᠣᠷᠣᠨ ᠤ ᠪᠠᠶᠢᠭᠤᠯᠭ᠎ᠠ ᠨᠢᠭᠡᠴᠢ᠂ ᠬᠤᠳᠠᠯᠳᠤᠭᠠᠨ ᠤ ᠲᠠᠯᠠᠪᠤᠷ ᠂ ᠭᠤᠤᠯ ᠵᠡᠭᠡᠯᠢ ᠭᠤᠳᠤᠮᠵᠢ ᠪᠠᠷ ᠭᠦᠨᠵᠡᠭᠡᠶᠢᠷᠡᠵᠦ᠂ ᠰᠡᠷᠭᠡᠶᠢᠯᠡᠬᠦ ᠲᠠᠷᠢᠯᠭ᠎ᠠ᠂ ᠤᠳᠠᠭᠠᠨ ᠴᠢᠨᠠᠷᠲᠠᠶ ᠡᠪᠡᠳᠴᠢᠨ ᠤ ᠬᠠᠮᠢᠶᠠᠷᠤᠯᠲᠠ᠂ ᠬᠢᠲᠠᠳ ᠡᠮᠨᠡᠯᠭᠡ ᠶᠢᠨ ᠪᠡᠶ᠎ᠡ ᠰᠤᠪᠢᠯᠠᠯᠲᠠ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠡᠷᠡᠭᠦᠯ ᠮᠡᠨᠳᠦ ᠶᠢᠨ ᠮᠡᠳᠡᠯᠭᠡ ᠶᠢ ᠶᠡᠭᠡ ᠪᠠᠷ ᠤᠬᠠᠭᠤᠯᠵᠤ᠂ ᠡᠷᠡᠭᠦᠯ ᠰᠠᠷᠠᠭᠤᠯ ᠨᠡᠶᠢᠭᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤ ᠪᠠᠷ ᠡᠳ᠋ᠯᠡᠬᠦᠯᠵᠤ ᠪᠤᠢ᠃        ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤᠨ ᠳᠤ ᠪᠠᠭᠤᠯᠭᠠᠬᠤ ᠶᠢ ᠠᠬᠢᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠱᠧᠩᠯᠢ ᠨᠡᠶᠢᠭᠡᠮ ᠲᠣᠭᠤᠷᠢᠭ ᠬᠤᠪᠢᠶᠠᠷᠢ ᠬᠤᠷᠢᠶ᠎ᠠ ᠨᠢ ᠲᠤᠰᠬᠠᠶ ᠮᠡᠷᠭᠡᠵᠢᠯᠲᠡᠨ ᠲᠠᠢ ᠪᠣᠯᠵᠣᠵᠤ ᠡᠪᠡᠳᠴᠢᠨ ᠦᠵᠡᠭᠦᠯᠬᠦ᠂ ᠭᠡᠷ᠎ᠡ ᠲᠣᠭᠲᠠᠭᠰᠠᠨ ᠰᠠᠭᠤᠭᠠᠯᠢ ᠠᠷᠠᠳ ᠯᠤᠭ᠎ᠠ ᠶᠢᠨ ᠬᠠᠷᠢᠯᠴᠠᠭ᠎ᠠ ᠪᠠᠨ ᠴᠢᠩᠭᠠᠳᠬᠠᠬᠤ ᠵᠡᠷᠭᠡ ᠲᠠᠯ᠎ᠠ ᠪᠠᠷ ᠬᠦᠴᠦᠯᠡᠬᠦ ᠴᠡᠭ ᠪᠣᠯᠭᠠᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠠᠢ᠃ ᠳᠡᠭᠡᠳᠦ ᠱᠠᠲᠤᠨ ᠤ ᠡᠮᠨᠡᠯᠭᠡ ᠶᠢᠨ ᠬᠤᠷᠢᠶ᠎ᠠ ᠯᠤᠭ᠎ᠠ ᠶᠢᠨ ᠬᠠᠷᠢᠯᠴᠠᠭ᠎ᠠ ᠪᠠᠨ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠳᠡᠭᠡᠳᠦ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠠᠰᠢᠭᠯᠠᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ᠂ ᠲᠤᠰᠬᠠᠶ ᠮᠡᠷᠭᠡᠵᠢᠯᠲᠡᠨ ᠲᠤᠬᠠᠶ ᠶᠢᠨ ᠲᠠᠯᠠᠪᠤᠷ ᠲᠤ ᠰᠠᠭᠤᠵᠤ ᠡᠮᠴᠢᠯᠡᠬᠦ ᠵᠡᠷᠭᠡ ᠦᠢᠯᠡᠴᠢᠯᠡᠭᠡ ᠶᠢ ᠥᠷᠨᠢᠭᠦᠯᠵᠦ᠂ ᠣᠯᠠᠨ ᠲᠦᠮᠡᠨ ᠳᠤ ᠴᠢᠨᠠᠷ ᠰᠠᠶᠢᠲᠠᠶ ᠥᠨᠳᠥᠷ ᠪᠦᠲᠦᠮᠵᠢᠲᠡᠶ ᠡᠷᠡᠭᠦᠯ ᠮᠡᠨᠳᠦ ᠶᠢᠨ ᠦᠢᠯᠡᠴᠢᠯᠡᠭᠡ ᠬᠦᠷᠲᠡᠭᠡᠪᠡ᠃ ᠣᠲᠣᠬᠠᠨ ᠪᠣᠯᠲᠠᠯ᠎ᠠ᠂ ᠳᠤᠰ ᠬᠤᠪᠢᠶᠠᠷᠢ ᠡᠮᠨᠡᠯᠭᠡ ᠶᠢᠨ ᠬᠤᠷᠢᠶ᠎ᠠ ᠶᠢᠨ 7 ᠬᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ ᠪᠦᠯᠬᠦᠮ ᠨᠢ ᠨᠡᠶᠢᠲᠡ 20582 ᠰᠠᠭᠤᠭᠠᠯᠢ ᠠᠷᠠᠳ ᠲᠠᠢ ᠭᠡᠷ᠎ᠡ ᠲᠣᠭᠲᠠᠵᠤ᠂ ᠭᠤᠤᠯᠳᠠᠯᠭ᠎ᠠ ᠲᠠᠢ ᠬᠥᠮᠦᠰ ᠤᠨ ᠭᠡᠷ᠎ᠡ ᠲᠣᠭᠲᠠᠭᠰᠠᠨ ᠪᠦᠷᠬᠦᠴᠡ ᠶᠢᠨ ᠨᠣᠷᠮ᠎ᠠ 92.63% ᠳᠤ ᠬᠦᠷᠪᠡ᠃                            ᠠᠷᠢᠭᠤᠨ ᠮᠡᠳᠡᠭᠡᠯᠡᠪᠡ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号