| ᠲᠦᠷᠦᠬᠦᠬᠡᠨ ᠸᠠᠩ ᠠᠪᠠᠭ᠋ᠠᠢ ᠨᠢᠬᠡᠨ ᠠᠵᠢᠯᠳᠠᠨ ᠡᠯᠰᠡᠬᠦ ᠰᠦᠯᠵᠢᠶᠡᠨ ᠤ ᠲᠠᠪᠴᠠᠩ ᠲᠡᠭᠡᠷ᠎ᠡ ᠲᠤᠪᠴᠢ | ᠨᠠᠮᠳᠠᠷ ᠢᠶᠠᠨ ᠲᠤᠰᠢᠶᠠᠬᠰᠠᠨ ᠤ ᠲᠠᠷᠠᠭ᠎ᠠ᠂ ᠨᠢᠬᠡᠨ ᠺᠤᠮᠫᠠᠨᠢ ᠶᠢᠨ ᠦᠢᠯᠡᠴᠢᠯᠡᠭᠴᠢ ᠭᠡᠮᠡᠭᠰᠡᠨ ᠬᠦᠮᠦᠨ ᠤ ᠤᠳᠠᠰᠤ ᠶᠢ | ᠲᠤᠰᠪᠠ᠃ ᠤᠳᠠᠰᠤᠨ ᠲᠡᠭᠡᠷ᠎ᠡ᠂ ᠦᠢᠯᠡᠴᠢᠯᠡᠭᠴᠢ ᠠᠴᠠ ᠸᠠᠩ ᠠᠪᠠᠭ᠋ᠠᠢ ᠳᠤ᠂ ᠰᠦᠯᠵᠢᠶᠡᠨ ᠤ ᠨᠡᠪᠳᠡᠷᠡᠬᠦᠯᠦᠭᠴᠢ ᠳᠤ | ᠱᠠᠩᠨᠠᠯ ᠦᠭᠪᠡᠯ ᠬᠠᠷᠢᠭᠤ ᠤᠯᠭᠤᠮᠵᠢ ᠦᠭᠭᠦᠨ᠎ᠡ ᠬᠡᠪᠡ᠃ ᠲᠤᠷᠰᠢᠵᠤ ᠦᠵᠡᠶ᠎ᠡ ᠬᠡᠰᠡᠨ ᠪᠤᠳᠤᠯ ᠢᠶᠠᠷ ᠸᠠᠩ ᠠᠪᠠᠭ᠋ᠠᠢ | ᠨᠦᠬᠦᠬᠡ ᠡᠳᠡᠬᠡᠳ ᠤᠨ ᠢᠶᠠᠨ ᠱᠠᠭᠠᠷᠳᠠᠯᠭ᠎ᠠ ᠪᠠᠷ ᠨᠢᠬᠡᠨ ᠵᠤᠭᠤᠬᠳᠠᠬᠤ ᠵᠦᠬᠡᠯᠡᠨ ᠲᠤᠨᠤᠬ ᠢ ᠪᠠᠭᠤᠯᠭᠠᠨ ᠤᠬᠰᠠᠷᠠᠪᠠ᠃ | | ᠲᠠᠷᠠᠭ᠎ᠠ ᠨᠢ᠂ ᠸᠠᠩ ᠠᠪᠠᠭ᠋ᠠᠢ ᠦᠢᠯᠡᠴᠢᠯᠡᠭᠴᠢ ᠶᠢᠨ ᠵᠢᠯᠤᠭᠤᠳᠤᠯᠭ᠎ᠠ ᠪᠠᠷ᠂ ᠰᠦᠯᠵᠢᠶᠡᠨ ᠤ | ᠨᠡᠪᠳᠡᠷᠡᠬᠦᠯᠦᠭᠴᠢ ᠳᠤ ᠪᠢᠯᠧᠲ ᠦᠭᠴᠦ᠂ ᠲᠠᠷᠠᠭᠠᠯᠠᠨ ᠬᠡᠳᠦᠨ ᠡᠬᠦᠷᠬᠡ ᠶᠢ ᠪᠡᠶᠡᠯᠡᠬᠦᠯᠦᠭᠰᠡᠨ ᠤ ᠲᠠᠷᠠᠭ᠎ᠠ᠂ ᠲᠡᠷᠡ | ᠬᠠᠷᠢᠭᠤ ᠤᠯᠭᠤᠮᠵᠢ ᠤᠯᠵᠠᠢ᠃ ᠶᠠᠬ ᠡᠨᠡ ᠦᠶ᠎ᠡ ᠳᠤ᠂ ᠦᠢᠯᠡᠴᠢᠯᠡᠭᠴᠢ ᠠᠴᠠ ᠸᠠᠩ ᠠᠪᠠᠭ᠋ᠠᠢ ᠳᠤ᠂ ︽ᠤᠷᠤᠯᠠᠨ | ᠦᠭᠬᠦ ᠬᠦᠷᠦᠩᠬᠡ ᠦᠭᠪᠡᠯ ᠨᠡᠩ ᠶᠡᠭᠡ ᠠᠰᠢᠬ ᠤᠯᠵᠤ ᠪᠤᠯᠤᠨ᠎ᠠ︾ ᠬᠡᠪᠡ᠃ ᠸᠠᠩ ᠠᠪᠠᠭ᠋ᠠᠢ ᠤᠯᠠᠨ ᠶᠠᠭᠤᠮ᠎ᠠ | ᠪᠤᠳᠤᠯ ᠦᠬᠡᠢ ᠪᠠᠷ ᠨᠦᠬᠦᠬᠡ ᠡᠳᠡᠬᠡᠳ ᠤᠨ ᠢᠶᠠᠨ ᠱᠠᠭᠠᠷᠳᠠᠯᠭ᠎ᠠ ᠪᠠᠷ 10 ᠲᠦᠮᠡᠨ ᠲᠦᠬᠦᠷᠢᠭ ᠪᠡᠯᠡᠳᠬᠡᠨ | ᠬᠦᠷᠬᠡᠬᠦ ᠪᠠᠷ ᠪᠤᠯᠪᠠ᠃ | ᠡᠨᠡ ᠦᠶ᠎ᠡ ᠳᠤ ᠴᠠᠬᠳᠠᠭ᠎ᠠ ᠨᠠᠷ ᠠᠴᠠ ᠰᠦᠯᠵᠢᠶᠡᠨ ᠤ ᠮᠡᠬᠡᠯᠡᠯ ᠢ ᠡᠰᠡᠷᠬᠦᠴᠡᠬᠦ ᠰᠦᠪᠡᠭᠴᠢ ᠶᠢ | ᠦᠨᠳᠦᠰᠦᠯᠡᠨ ᠸᠠᠩ ᠠᠪᠠᠭ᠋ᠠᠢ ᠶᠢᠨ ᠪᠠᠶᠢᠳᠠᠯ ᠢ ᠮᠡᠳᠡᠵᠦ᠂ ᠤᠯᠠᠨ ᠭᠠᠵᠠᠷ ᠤᠨ ᠲᠤᠳᠤᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠬᠠᠮᠵᠢᠯᠴᠠᠭ᠎ᠠ ᠪᠠᠷ᠂ ᠴᠠᠬᠳᠠᠭ᠎ᠠ ᠨᠠᠷ ᠸᠠᠩ ᠠᠪᠠᠭ᠋ᠠᠢ ᠲᠠᠢ ᠬᠠᠷᠢᠯᠴᠠᠵᠦ᠂ ᠨᠠᠷᠢᠨ ᠪᠠᠶᠢᠳᠠᠯ ᠢ | ᠮᠡᠳᠡᠭᠦᠯᠬᠦ ᠪᠠᠷ ᠳᠠᠮᠵᠢᠨ᠂ ᠸᠠᠩ ᠠᠪᠠᠭ᠋ᠠᠢ ᠦᠪᠡᠷ ᠤᠨ ᠮᠡᠭᠡᠯᠡᠭᠳᠡᠭᠰᠡᠨ ᠢᠶᠠᠨ ᠤᠯᠵᠤ ᠮᠡᠳᠡᠵᠡᠢ᠃ | ᠴᠠᠬᠳᠠᠭ᠎ᠠ ᠨᠠᠷ ᠤᠨ ᠬᠠᠮᠵᠢᠯᠴᠠᠭ᠎ᠠ ᠪᠠᠷ ᠸᠠᠩ ᠠᠪᠠᠭ᠋ᠠᠢ ᠮᠡᠬᠡᠯᠡᠯ ᠤᠨ ︽ᠤᠨᠠᠭᠤᠯᠢ︾ ᠠᠴᠠ ᠵᠠᠶᠢᠯᠠᠪᠠ᠃ | ︽ᠡᠨᠡ ᠵᠤᠭᠤᠰ ᠢ ᠪᠢ ᠰᠦᠯᠵᠢᠶᠡᠨ ᠠᠴᠠ ᠵᠢᠬᠡᠯᠡᠭᠰᠡᠨ ᠶᠤᠮ᠂ ᠶᠡᠭᠡ ᠠᠰᠢᠬ ᠤᠯᠬᠤ ᠬᠡᠵᠦ ᠰᠢᠨᠤᠬᠠᠶᠢᠷᠠᠭᠠᠳ | ᠡᠰᠡᠯ᠎ᠡ ᠮᠡᠬᠡᠯᠡᠭᠳᠡᠬᠦ ᠰᠢᠬᠠᠵᠠᠢ᠂ ᠴᠠᠬᠳᠠᠭ᠎ᠠ ᠨᠠᠷ ᠤᠨ ᠵᠤᠭᠤᠰ ᠮᠦᠩᠬᠦ ᠶᠢ ᠡᠬᠡᠬᠦᠯᠦᠨ ᠠᠪᠴᠢᠷᠠᠵᠤ ᠦᠭᠬᠦᠭᠰᠡᠨ ᠳᠤ | ᠪᠠᠶᠠᠷᠯᠠᠯ᠎ᠠ︾ ᠬᠡᠵᠦ ᠸᠠᠩ ᠠᠪᠠᠭ᠋ᠠᠢ ᠰᠡᠳᠬᠢᠯ ᠲᠤᠬᠳᠤᠯᠤᠨ ᠶᠠᠷᠢᠨ᠎ᠠ᠃ | ᠴᠠᠬᠳᠠᠭ᠎ᠠ ᠨᠠᠷ ᠠᠴᠠ᠄ ︽ᠰᠦᠯᠵᠢᠶᠡᠨ ᠲᠡᠭᠡᠷ᠎ᠡ ᠠᠵᠢᠯ ᠡᠷᠢᠬᠦ ᠳᠡᠭᠡᠨ ᠡᠷᠬᠡᠪᠰᠢ ᠠᠵᠢᠯᠳᠠᠨ ᠡᠯᠰᠡᠬᠦ | ᠵᠢᠩᠬᠢᠨᠢ ᠰᠦᠯᠵᠢᠶ᠎ᠡ ᠶᠢᠨ ᠳᠠᠪᠴᠠᠩ ᠢᠶᠠᠷ ᠲᠠᠮᠵᠢᠨ ᠠᠵᠢᠯ ᠡᠷᠢᠬᠦ ᠴᠢᠬᠤᠯᠠᠳᠠᠢ᠂ ᠠᠵᠢᠯᠳᠠᠨ ᠡᠯᠰᠡᠬᠦ ᠠᠵᠤ | ᠠᠬᠤᠶᠢᠯᠠᠯ ᠤᠨ ᠠᠯᠪᠠᠨ ᠤ ᠰᠦᠯᠵᠢᠶ᠎ᠡ᠂ ᠠᠯᠪᠠᠨ ᠤ ᠲᠠᠯ᠎ᠠ ᠶᠢᠨ ᠤᠳᠠᠰᠤ ᠵᠡᠷᠬᠡ ᠶᠢ ᠬᠠᠷᠭᠤᠭᠤᠯᠬᠤ ᠪᠠᠷ ᠲᠠᠮᠵᠢᠨ | ᠦᠨᠡᠨ ᠪᠤᠳᠠᠳᠠᠢ ᠡᠰᠡᠬᠦ ᠶᠢ ᠨᠢ ᠯᠠᠪᠯᠠᠬᠤ ᠴᠢᠬᠤᠯᠠᠳᠠᠢ᠃ ᠤᠯᠠᠨ ᠢᠶᠠᠷ ᠢᠶᠠᠨ ᠡᠯ᠎ᠡ ᠵᠦᠢᠯ ᠤᠨ ᠰᠦᠯᠵᠢᠶᠡᠨ ᠤ | ᠮᠡᠬᠡᠯᠡᠯ ᠢ ᠢᠯᠭᠠᠨ ᠲᠠᠨᠢᠬᠤ ᠮᠡᠳᠡᠯᠬᠡ ᠶᠢ ᠰᠤᠷᠤᠯᠴᠠᠨ᠂ ᠦᠪᠡᠷ ᠢ ᠪᠠᠨ ᠬᠠᠮᠠᠭᠠᠯᠠᠬᠤ ᠤᠬᠠᠮᠰᠠᠷ ᠢᠶᠠᠨ | ᠲᠡᠭᠡᠭᠰᠢᠯᠡᠬᠦᠯᠪᠡᠯ ᠵᠤᠬᠢᠨ᠎ᠠ︾ ᠬᠡᠵᠦ ᠰᠠᠨᠠᠭᠤᠯᠵᠤ ᠪᠠᠶᠢᠨ᠎ᠠ᠃ | | | | |