| | | ⒈ ᠥᠰᠴᠦ ᠪᠤᠶᠢᠵᠢᠬᠤ ᠨᠢ ᠲᠦᠷᠭᠡᠨ᠃ ᠲᠤᠰ ᠵᠢᠯ ᠤᠨ ᠬᠤᠷᠠᠭ᠎ᠠ ᠶᠠᠭ ᠰᠠᠶᠢᠬᠠᠨ ᠥᠰᠥᠯᠲᠡ ᠶᠢᠨ | ᠴᠠᠭ ᠲᠤ ᠪᠠᠨ ᠪᠠᠶᠢᠳᠠᠭ ᠪᠣᠯᠬᠤᠷ ᠵᠣᠨ᠂ ᠨᠠᠮᠦᠷ ᠤᠨ ᠰᠠᠶᠢᠨ ᠪᠡᠯᠴᠢᠭᠡᠷ ᠲᠤ ᠭᠠᠷᠭᠠᠭᠰᠠᠨ ᠰᠠᠭᠤᠷᠢᠨ ᠲᠡᠭᠡᠷ᠎ᠡ | ᠨᠠᠷᠢᠯᠢᠭ ᠪᠣᠷᠳᠤᠭ᠎ᠠ ᠨᠥᠬᠦᠪᠦᠷᠢᠯᠡᠪᠡᠯ ᠪᠣᠷᠳᠣᠭᠰᠠᠨ ᠦᠬᠡᠷ ᠬᠤᠨᠢᠨ ᠠᠴᠠ 3 — 5 ᠺᠢᠯᠥᠭᠷᠡᠮ ᠮᠢᠬ᠎ᠠ ᠢᠯᠡᠭᠦᠦ | ᠭᠠᠷᠳᠠᠭ᠃ | ⒉ ᠭᠠᠷᠭᠠᠯᠲᠠ ᠶᠢᠨ ᠨᠣᠷᠮ᠎ᠠ ᠨᠢ ᠶᠡᠭᠡ᠃ ᠲᠤᠰ ᠵᠢᠯ ᠳᠤᠨᠢ ᠪᠣᠷᠳᠣᠨ ᠲᠠᠷᠭᠤᠯᠠᠭᠤᠯᠵᠤ ᠨᠢᠳᠣᠯᠪᠡᠯ | ᠬᠤᠨᠢᠨ ᠰᠦᠷᠦᠭ ᠤᠨ ᠭᠠᠷᠭᠠᠯᠲᠠ ᠶᠢᠨ ᠨᠣᠷᠮ᠎ᠠ ᠪᠠ ᠲᠠᠸᠠᠷ ᠤᠨ ᠦᠷ᠎ᠡ ᠠᠰᠢᠭ ᠢ ᠶᠡᠭᠡ ᠪᠠᠷ ᠲᠡᠭᠡᠭᠰᠢᠯᠡᠭᠦᠯᠵᠦ | ᠴᠢᠳᠠᠨ᠎ᠠ᠃ | ⒊ ᠬᠤᠨᠢᠨ ᠰᠦᠷᠦᠭ ᠤᠨ ᠪᠥᠳᠥᠴᠡ ᠶᠢ ᠰᠠᠶᠢᠵᠢᠷᠠᠭᠤᠯᠤᠨ᠎ᠠ᠃ ᠡᠷ᠎ᠡ ᠬᠤᠷᠠᠭ᠎ᠠ ᠶᠢ ᠲᠤᠰ ᠵᠢᠯ ᠳᠡᠭᠡᠨ | ᠲᠠᠷᠭᠤᠯᠠᠭᠤᠯᠵᠤ ᠨᠢᠳᠤᠯᠪᠡᠯ ᠡᠮ᠎ᠡ ᠬᠤᠨᠢᠨ ᠤ ᠰᠠᠭᠤᠷᠢ ᠲᠤᠭ᠎ᠠ ᠠᠶᠠᠨᠳᠠᠭᠠᠨ ᠨᠡᠮᠡᠭᠳᠡᠨ᠎ᠡ᠃ | ⒋ ᠡᠪᠦᠯᠵᠢᠬᠦ ᠬᠤᠨᠢᠨ ᠤ ᠲᠤᠭ᠎ᠠ ᠶᠢ ᠪᠠᠭᠠᠰᠬᠠᠵᠤ ᠡᠪᠡᠰᠦ᠂ ᠲᠡᠵᠢᠭᠡᠪᠦᠷᠢ ᠶᠢᠨ ᠵᠥᠷᠢᠴᠡᠯ ᠢ ᠨᠠᠮᠳᠠᠭᠤᠯᠵᠤ | ᠪᠡᠯᠴᠢᠭᠡᠷ ᠤᠨ ᠳᠠᠷᠤᠭᠠᠰᠤ ᠶᠢ ᠬᠥᠡᠭᠭᠡᠷᠡᠭᠦᠯᠦᠨᠡ᠃ | ︽ᠮᠠᠯ ᠲᠠᠷᠢᠶᠠᠯᠠᠩ ᠤᠨ ᠬᠡᠷᠡᠭᠯᠡᠭᠡᠨ ᠤ ᠰᠢᠨ᠎ᠡ ᠮᠡᠷᠭᠡᠵᠢᠯ︾ ᠭᠡᠬᠦ ᠨᠣᠮ ᠠᠴᠠ ᠪᠠᠭᠤᠯᠭᠠᠪᠠ | | | | | | | |