| ᠦᠭᠡᠷ ᠪᠣᠯ ᠭᠦᠮᠦᠨ ᠲᠥᠷᠥᠯᠬᠢᠳᠡᠨ ᠳᠤ ᠰᠢᠮ᠎ᠡ ᠲᠡᠵᠢᠭᠡᠯ ᠰᠠᠶᠢᠲᠠᠢ ᠰᠦ ᠴᠠᠭ᠎ᠠ ᠪᠣᠯᠣᠨ ᠮᠢᠬ᠎ᠠ ᠲᠤᠰᠤ | ᠬᠠᠨᠭ᠍ᠭᠠᠵᠤ ᠥᠭᠳᠡᠭ ᠣᠯᠠᠨ ᠵᠦᠢᠯ ᠤᠨ ᠠᠵᠦ ᠠᠬᠤᠢ ᠶᠢᠨ ᠥᠷᠳᠡᠭ ᠲᠠᠢ ᠮᠠᠯ ᠪᠣᠯᠣᠨ᠎ᠠ᠃ ᠡᠯ᠎ᠡ ᠲᠥᠷᠥᠯ ᠤᠨ | ᠮᠠᠯ ᠤᠨ ᠳᠣᠲᠣᠷ᠎ᠠ ᠰᠦᠨ ᠤ ᠭᠠᠷᠴᠠ ᠪᠠᠷ ᠬᠠᠮᠤᠭ ᠶᠡᠭᠡ ᠨᠢ ᠰᠦᠨ ᠤ ᠬᠡᠷᠡᠭᠴᠡᠭᠡᠲᠦ ᠦᠨᠢᠶ᠎ᠡ ᠪᠣᠯᠣᠨ᠎ᠠ᠃ ᠨᠢᠭᠡ | ᠰᠠᠭᠠᠯᠢ ᠶᠢᠨ ᠦᠨᠢᠶᠡᠨ ᠠᠴᠠ ᠵᠢᠯ ᠳᠤ ᠪᠠᠷᠤᠭ 4000 — 6000 ᠺᠢᠯᠥᠭᠷᠡᠮ ᠰᠦ ᠭᠠᠷᠳᠠᠭ᠃ ᠡᠳᠡᠭᠡᠷ ᠰᠦᠨ | ᠤ ᠪᠠᠨ ᠪᠠᠭ᠎ᠠ ᠬᠡᠰᠡᠭ ᠢ ᠲᠤᠭᠤᠯ ᠳᠠᠭᠠᠨ ᠬᠦᠬᠦᠬᠦᠯᠬᠦ ᠠᠴᠠ ᠭᠠᠳᠠᠨ᠎ᠠ ᠶᠡᠬᠡᠨᠭᠬᠢ ᠨᠢ ᠬᠦᠮᠦᠰ ᠲᠤ ᠰᠢᠭᠤᠳ ᠪᠤᠶᠤ | ᠲᠠᠮ ᠢᠶᠠᠷ ᠠᠰᠢᠭᠯᠠᠭᠳᠠᠨ᠎ᠠ᠃ ᠦᠨᠢᠶᠡᠨ ᠰᠦ ᠪᠣᠯᠣᠨ ᠰᠦᠨ ᠤ ᠪᠥᠳᠦᠭᠡᠭᠳᠡᠭᠦᠨ ᠳᠤ ᠰᠢᠮ᠎ᠡ ᠲᠡᠵᠢᠭᠡᠯᠲᠦ ᠪᠣᠳᠠᠰ | ᠡᠯᠪᠡᠭ ᠮᠥᠷᠳᠡᠭᠡᠨ ᠲᠥᠷᠥᠯ ᠵᠦᠢᠯ ᠨᠢ ᠪᠦᠷᠢᠨ ᠬᠦᠢᠴᠡᠳ ᠪᠠᠶᠢᠳᠠᠭ᠃ ᠦᠭᠡᠷ᠂ ᠮᠢᠬᠠᠨ ᠤ ᠤᠶᠢᠯᠡᠳᠪᠦᠷᠢᠯᠡᠯ ᠤᠨ | ᠲᠠᠯ᠎ᠠ ᠪᠠᠷ ᠴᠤ ᠴᠢᠬᠤᠯᠠ ᠪᠠᠶᠢᠷᠢ ᠶᠢ ᠡᠵᠡᠯᠡᠳᠡᠭ᠃ ᠲᠡᠭᠦᠨ ᠤ ᠠᠷᠠᠴᠢᠯᠠᠭ᠎ᠠ ᠲᠡᠵᠢᠭᠡᠯᠭᠡ ᠶᠢ ᠨᠢ ᠰᠠᠶᠢᠵᠢᠷᠠᠭᠤᠯᠵᠤ᠂ | ᠵᠣᠬᠢᠰᠲᠠᠢ ᠪᠣᠷᠳᠤᠵᠣ ᠲᠠᠷᠭᠤᠯᠠᠭᠤᠯᠪᠠᠯ ᠪᠢᠷᠠᠭᠤᠨ ᠤ ᠦᠶ᠎ᠡ ᠳᠡᠭᠡᠨ ᠪᠡᠶ᠎ᠡ ᠶᠢᠨ ᠬᠦᠨᠳᠦᠴᠡ ᠨᠢ ᠪᠠᠷᠤᠭ 500 | ᠺᠢᠯᠥᠭᠷᠠᠮ ᠳᠤ ᠬᠦᠷᠳᠡᠭ᠃ ᠡᠶᠢᠮᠦ ᠦᠭᠡᠷ ᠤᠨ ᠮᠢᠬᠠᠨ ᠤ ᠭᠠᠷᠴᠠ ᠨᠢ ᠶᠡᠭᠡ ᠪᠠᠶᠢᠳᠠᠭ ᠢᠶᠠᠷ ᠪᠠᠷᠠᠬᠤ ᠦᠭᠡᠢ ᠬᠠᠷ᠎ᠠ | ᠮᠢᠬ᠎ᠠ ᠡᠯᠪᠡᠭᠲᠡᠢ ᠪᠥᠭᠡᠳ ᠮᠢᠬ᠎ᠠ ᠨᠢ ᠵᠥᠭᠡᠯᠡᠨ ᠰᠢᠮᠡᠲᠡᠢ ᠪᠠᠶᠢᠳᠠᠭ ᠪᠣᠯᠬᠤᠷ ᠸᠢᠲ᠋ᠠᠮᠢᠨ A ᠶᠢᠨ ᠠᠭᠤᠯᠣᠭᠳᠠᠴᠠ | ᠡᠯᠪᠡᠭ ᠪᠠᠶᠢᠳᠠᠭ᠃ ᠦᠭᠡᠷ ᠪᠤᠯ ᠡᠪᠡᠰᠦᠨ ᠲᠡᠵᠢᠭᠡᠯᠲᠦ ᠠᠮᠢᠳᠠᠨ ᠪᠣᠯᠬᠤᠷ ᠶᠡᠬᠡᠨᠭᠬᠢ ᠳᠡᠭᠡᠨ ᠪᠦᠳᠦᠬᠦᠯᠢᠭ ᠡᠪᠡᠰᠦ | ᠪᠣᠷᠳᠤᠭ᠎ᠠ ᠶᠢ ᠠᠰᠢᠭᠯᠠᠳᠠᠭ᠃ ᠡᠶᠢᠮᠦ ᠠᠴᠠ ᠤᠶᠢᠯᠡᠳᠪᠦᠷᠢᠯᠡᠯ ᠤᠨ ᠥᠪᠡᠷ ᠤᠨ ᠥᠷᠳᠡᠭ ᠨᠢ ᠲᠤᠤᠷ᠎ᠠ᠂ ᠰᠢᠮ᠎ᠡ | ᠲᠡᠵᠢᠭᠡᠯ ᠡᠯᠪᠡᠭ ᠲᠠᠢ᠂ ᠠᠵᠤ ᠠᠬᠤᠢ ᠶᠢᠨ ᠠᠰᠢᠭ ᠬᠤᠨᠵᠢᠪᠦᠷᠢ ᠨᠢ ᠶᠡᠭᠡ ᠪᠠᠶᠢᠳᠠᠭ᠃ ᠦᠭᠡᠷ ᠪᠤᠯ ᠬᠡᠪᠡᠭᠴᠢ ᠮᠠᠯ | ᠪᠣᠯᠬᠤᠷ ᠡᠳᠦᠷ ᠲᠤ ᠭᠠᠷᠭᠠᠬᠤ ᠪᠠᠭᠠᠰᠤ ᠰᠢᠭᠡᠰᠦ ᠨᠢ ᠪᠣᠰᠣᠳ ᠠᠮᠢᠳᠠᠨ ᠤ ᠬᠢ ᠠᠴᠠ ᠠᠷᠪᠢᠨ ᠶᠤᠮ᠃ ᠡᠨᠡ ᠨᠢ | ᠲᠠᠷᠢᠶᠠᠯᠠᠩ ᠠᠵᠦ ᠣᠶᠢᠯᠡᠳᠪᠦᠷᠢᠯᠡᠯ ᠤᠨ ᠤᠷᠭᠠᠨᠢᠭ ᠪᠣᠷᠳᠤᠭᠤᠷ ᠤᠨ ᠭᠤᠣᠯ ᠢᠷᠡᠯᠲᠡ ᠪᠣᠯᠣᠨ᠎ᠠ᠃ ᠡᠳᠡᠭᠡᠷ | ᠤᠷᠭᠠᠨᠢᠭ ᠪᠣᠷᠳᠣᠭᠤᠷ ᠨᠢ ᠲᠠᠷᠢᠮᠠᠯ ᠪᠣᠷᠳᠣᠭᠠᠨ ᠳᠤ ᠱᠠᠭᠠᠷᠳᠠᠭᠳᠠᠬᠤ ᠰᠢᠮ᠎ᠡ ᠲᠡᠵᠢᠭᠡᠯ ᠢ ᠰᠢᠭᠤᠳ ᠬᠠᠨᠭ᠍ᠭᠠᠬᠤ ᠪᠠᠷ | ᠪᠠᠷᠠᠬᠤ ᠦᠭᠡᠢ ᠪᠠᠰᠠ ᠬᠦᠷᠦᠰᠦ ᠰᠢᠷᠦᠢ ᠶᠢᠨ ᠪᠦᠳᠦᠴᠡ ᠶᠢ ᠰᠠᠶᠢᠵᠢᠷᠠᠭᠤᠯᠬᠤ ᠪᠠ ᠣᠰᠣ ᠶᠢ ᠬᠠᠮᠠᠭᠠᠯᠠᠬᠤ | ᠣᠶᠢᠯᠡᠳᠦᠯ ᠲᠠᠢ᠃ ᠦᠭᠡᠷ ᠤᠨ ᠠᠷᠠᠰᠣ᠂ ᠦᠰᠦ ᠡᠪᠡᠷ᠂ ᠲᠤᠳᠤᠭᠠᠳᠤ ᠡᠷᠭᠡᠳᠡᠨ᠂ ᠴᠢᠰᠦ ᠵᠡᠷᠭᠡ ᠲᠠᠭᠠᠯᠳᠤᠪᠤᠷᠢ | ᠪᠥᠳᠦᠭᠡᠭᠳᠡᠭᠦᠨ ᠨᠢ ᠬᠦᠡᠭᠭᠡᠨ ᠠᠵᠦ ᠤᠶᠢᠯᠡᠳᠪᠦᠷᠢ ᠪᠠ ᠡᠮ ᠡᠮᠨᠡᠯᠭᠡ ᠶᠢᠨ ᠲᠦᠭᠦᠭᠡᠢ ᠮᠠᠲ᠋ᠧᠷᠢᠶᠠᠯ ᠪᠣᠯᠣᠨ᠎ᠠ᠃ | ᠡᠳᠡᠭᠡᠷ ᠨᠢ ᠮᠥᠨ ᠴᠤ ᠭᠠᠳᠠᠭᠠᠳᠤ ᠳᠤ ᠭᠠᠷᠭᠠᠬᠤ ᠴᠢᠬᠤᠯᠠ ᠡᠳ᠋ ᠪᠣᠳᠠᠰ ᠪᠣᠯᠣᠨ᠎ᠠ᠃ ᠠᠵᠦ ᠠᠬᠤᠢ ᠬᠥᠭᠵᠢᠭᠰᠡᠨ | ᠤᠯᠤᠰ ᠤᠨ ᠮᠠᠯ ᠠᠵᠤ ᠠᠬᠤᠢ ᠶᠢᠨ ᠤᠶᠢᠯᠡᠳᠭᠦᠨ ᠤ ᠥᠷᠳᠡᠭ ᠨᠢ ᠲᠠᠷᠢᠶᠠᠯᠠᠩ ᠠᠵᠦ ᠠᠬᠤᠶᠢᠯᠠᠯ ᠤᠨ ᠶᠡᠷᠦᠩᠭᠡᠢ | ᠦᠢᠯᠡᠳᠭᠦᠨ ᠤ ᠥᠷᠳᠡᠭ ᠤᠨ 50% ᠠᠴᠠ ᠲᠡᠭᠡᠭᠰᠢᠬᠢ ᠶᠢ ᠡᠵᠡᠯᠡᠵᠦ ᠪᠤᠢ᠃ ᠵᠢᠱᠢᠶᠠᠯᠠᠪᠠᠯ ᠠᠦ᠋ᠰᠲᠷᠯᠢᠶ᠎ᠠ ᠳᠤ | 70% ᠶᠢ ᠡᠵᠡᠯᠡᠵᠦ᠂ ᠠᠮᠧᠷᠢᠺᠠ ᠳᠤ 60% ᠶᠢ ᠡᠵᠡᠯᠡᠵᠦ ᠪᠠᠶᠢᠨ᠎ᠠ᠃ ᠡᠭᠦᠨ ᠤ ᠳᠣᠲᠣᠷ᠎ᠠ ᠦᠭᠡᠷ ᠮᠠᠯᠵᠢᠯ ᠤᠨ | ᠤᠶᠢᠯᠡᠰ ᠤᠨ ᠤᠶᠢᠯᠡᠳᠭᠦᠨ ᠤ ᠥᠷᠳᠡᠭ ᠤᠨ ᠡᠵᠡᠯᠡᠬᠦ ᠬᠠᠷᠢᠴᠠᠯ ᠨᠢ ᠬᠠᠮᠤᠭ ᠶᠡᠭᠡ᠃ ᠬᠡᠳᠡᠯ᠎ᠡ ᠮᠠᠨ ᠤ ᠤᠯᠤᠰ ᠲᠤ | ᠵᠥᠪᠭᠡᠨ 15% ᠶᠢ ᠯᠠ ᠡᠵᠡᠯᠡᠵᠦ ᠪᠠᠶᠢᠳᠠᠭ᠃ | ︽ᠮᠠᠯ ᠲᠠᠷᠢᠶᠠᠯᠠᠩ ᠤᠨ ᠬᠡᠷᠡᠭᠯᠡᠭᠡᠨ ᠤ ᠰᠢᠨ᠎ᠡ ᠮᠡᠷᠭᠡᠵᠢᠯ︾ ᠭᠡᠬᠦ ᠨᠣᠮ ᠠᠴᠠ ᠪᠠᠭᠤᠯᠭᠠᠪᠠ |