ᠪᠤᠳᠠ ᠪᠣᠭ ᠮᠠᠯ ᠳᠤ ᠲᠤᠰᠣᠨ ᠲᠠᠷᠭᠤ ᠠᠪᠤᠭᠤᠯᠬᠤ ᠳᠤ ᠠᠩᠬᠠᠷᠬᠤ ᠵᠦᠢᠯ
ᠨᠡᠶᠢᠲᠡᠯᠡᠭᠰᠡᠨ ᠴᠠᠭ᠄
2025/2/6
          ᠡᠪᠡᠰᠦ ᠪᠡᠯᠴᠢᠭᠡᠷ ᠥᠳᠭᠡᠨ ᠰᠠᠬᠤᠯᠠᠭ ᠲᠠᠷᠭᠤᠨ ᠨᠠᠮᠤᠷ ᠤᠨ ᠤᠯᠠᠷᠢᠯ ᠪᠣᠯ ᠪᠣᠳᠠ ᠪᠣᠭ ᠮᠠᠯ ᠳᠤ ᠲᠤᠰᠤᠨ ᠲᠠᠷᠭᠤ ᠠᠪᠤᠭᠤᠯᠬᠤ ᠵᠠᠩᠬᠢᠯᠠᠭ᠎ᠠ ᠶᠢᠨ ᠴᠠᠭ ᠪᠣᠯᠣᠨ᠎ᠠ᠃ ᠮᠡᠳᠡᠭᠡᠵᠢ ᠪᠠᠷ ᠮᠠᠯ ᠰᠦᠷᠦᠭ ᠬᠡᠳᠦᠢ ᠲᠦᠭᠦᠷᠡᠩ ᠲᠡᠷᠭᠤ ᠠᠪᠤᠪᠠᠯ ᠵᠣᠳ ᠭᠠᠮᠰᠢᠭ ᠲᠤ ᠲᠠᠭᠠᠭᠠᠴᠠ ᠲᠠᠢ ᠪᠠᠶᠢᠵᠦ᠂ ᠡᠪᠡᠳᠴᠢᠨ ᠭᠡᠮ ᠢ ᠡᠰᠡᠷᠭᠦᠴᠡᠬᠦ ᠴᠢᠳᠠᠪᠣᠷᠢ ᠨᠢ ᠴᠣ᠋ ᠲᠡᠳᠦᠢ ᠰᠠᠶᠢᠨ᠂ ᠦᠭᠦᠯ ᠬᠤᠬᠢᠷᠠᠯ ᠨᠢ ᠲᠡᠳᠦᠢ ᠴᠦᠭᠡᠨ ᠪᠠᠶᠢᠳᠠᠭ᠃ ᠪᠤᠳᠠ ᠪᠣᠭ ᠮᠠᠯ ᠳᠤ ᠲᠤᠰᠤᠨ ᠲᠠᠷᠭᠤ ᠰᠠᠶᠢᠨ ᠠᠪᠣᠭᠤᠯᠬᠤ ᠳᠤ ᠲᠤᠤᠷᠠᠬᠢ ᠬᠡᠳᠦᠨ ᠲᠠᠯ᠎ᠠ ᠪᠠᠷ ᠣᠨᠴᠠᠭᠠᠢ ᠠᠩᠬᠠᠷᠬᠤ ᠬᠡᠷᠡᠭᠲᠡᠢ᠄ 1. ᠮᠠᠯ ᠰᠦᠷᠦᠭ ᠤᠨ ᠲᠤᠭ᠎ᠠ ᠲᠣᠯᠣᠭᠠᠢ ᠶᠢ ᠵᠣᠬᠢᠰᠲᠠᠢ ᠬᠢᠵᠠᠭᠠᠷᠯᠠᠨ᠎ᠠ᠂ ᠮᠠᠯ ᠰᠦᠷᠦᠭ ᠤᠨ ᠲᠤᠭ᠎ᠠ ᠨᠢ ᠭᠡᠳᠦ ᠣᠯᠠᠰᠢᠷᠠᠬᠤ ᠪᠤᠶᠤ ᠴᠥᠭᠡᠷᠡᠪᠡᠯ ᠠᠷᠠᠴᠢᠯᠠᠵᠦ ᠮᠠᠯᠯᠠᠬᠤ ᠪᠠ ᠬᠠᠷᠢᠭᠤᠯᠬᠤ ᠳᠤ ᠮᠠᠭᠤ ᠶᠤᠮ᠂ ᠶᠡᠷᠦ ᠶᠢᠨ ᠪᠠᠶᠢᠳᠠᠯ ᠳᠤ ᠪᠣᠭ ᠮᠠᠯ ᠢ 400 — 500 ᠲᠣᠯᠣᠭᠠᠢ︔ ᠠᠳᠤᠭᠤ ᠶᠢ ᠪᠣᠯ 150 — 200 ᠲᠣᠯᠣᠭᠠᠢ︔ ᠦᠭᠡᠷ ᠢ ᠪᠣᠯ 30 — 100 ᠲᠣᠯᠣᠭᠠᠢ ᠰᠦᠷᠦᠭᠯᠡᠭᠦᠯᠪᠡᠯ ᠬᠠᠮᠤᠭ ᠤᠨ ᠲᠣᠬᠢᠷᠠᠮᠵᠢᠲᠠᠢ ᠪᠠᠶᠢᠳᠠᠭ᠃ ᠢᠡᠭᠬᠢᠪᠡᠯ ᠪᠡᠯᠴᠢᠭᠡᠷᠯᠡᠭᠦᠯᠦᠨ ᠬᠠᠷᠢᠭᠤᠯᠬᠤ᠂ ᠵᠢᠰᠤᠯᠠᠵᠦ ᠲᠠᠨᠢᠬᠤ ᠪᠠ ᠪᠦᠷᠢᠳᠭᠡᠨ ᠲᠤᠭᠠᠯᠠᠬᠤ᠂ ᠡᠪᠡᠳᠴᠢᠨ ᠬᠢᠵᠢᠭ ᠢ ᠨᠢ ᠡᠮᠨᠡᠨ ᠵᠠᠰᠠᠬᠤ ᠪᠠ ᠰᠡᠷᠭᠡᠶᠢᠯᠡᠬᠦ᠂ ᠠᠷᠠᠴᠢᠯᠠᠭ᠎ᠠ ᠲᠤᠳᠤᠮᠳᠤᠯᠭ᠎ᠠ  ᠪᠠᠨ ᠴᠢᠩᠭᠠᠳᠬᠠᠬᠤ ᠳᠤ ᠪᠦᠷ ᠠᠰᠢᠭᠲᠠᠢ ᠶᠤᠮ᠃ 2. ᠰᠦᠷᠦᠭ ᠰᠠᠯᠭᠠᠨ ᠬᠠᠷᠢᠭᠤᠯᠬᠤ᠃ ᠪᠤᠭ ᠮᠠᠯ ᠢ ᠡᠪᠡᠰᠦ ᠪᠡᠯᠴᠢᠭᠡᠷ᠂ ᠣᠰᠣ ᠤᠮᠳᠠ᠂ ᠲᠥᠯ᠂ ᠦᠷ᠎ᠡ ᠶᠢᠨ ᠮᠠᠯ ᠵᠡᠷᠭᠡ ᠪᠠᠷ ᠨᠢ ᠠᠩᠬᠢᠯᠠᠵᠦ᠂ ᠠᠯᠢ ᠪᠤᠯᠬᠤ ᠪᠠᠷ ᠠᠰ ᠲᠤᠨᠢ ᠰᠦᠷᠦᠭᠯᠡᠭᠦᠯᠪᠡᠯ ᠲᠤᠰᠤᠨ ᠲᠠᠷᠭᠤ ᠶᠢ ᠨᠢ ᠬᠠᠮᠠᠭᠠᠯᠠᠬᠤ᠂ ᠠᠷᠠᠴᠢᠯᠠᠭ᠎ᠠ ᠮᠠᠯᠯᠠᠭ᠎ᠠ ᠳᠤ ᠲᠥᠭᠦᠮ ᠪᠠᠶᠢᠳᠠᠭ᠃ ᠤᠴᠢᠷ ᠨᠢ ᠠᠳᠠᠯᠢ ᠪᠣᠰᠣ ᠨᠠᠰᠤᠨ ᠤ ᠮᠠᠯ ᠪᠠ ᠬᠦᠢᠰᠦ ᠶᠢᠨ ᠢᠯᠭᠠᠯ ᠨᠢ ᠠᠳᠠᠯᠢ ᠦᠭᠡᠢ᠂ ᠠᠳᠠᠯᠢ ᠲᠥᠷᠥᠯ ᠤᠨ ᠮᠠᠯ ᠤᠨ ᠴᠣᠪᠣᠵᠣ ᠪᠡᠯᠴᠢᠭᠡᠷᠯᠡᠬᠦ᠂ ᠢᠳᠡᠰᠢᠯᠡᠬᠦ ᠲᠤᠷᠠᠰᠢᠯ ᠪᠠ ᠢᠳᠡᠰᠢᠯᠡᠬᠦ ᠬᠡᠮᠵᠢᠶ᠎ᠡ᠂ ᠰᠢᠮ᠎ᠡ ᠲᠡᠵᠢᠭᠡᠯ ᠤᠨ ᠱᠠᠭᠠᠷᠳᠠᠯᠭ᠎ᠠ ᠵᠡᠷᠭᠡ ᠨᠢ ᠪᠦᠷ ᠠᠳᠠᠯᠢ ᠦᠭᠡᠢ ᠪᠠᠶᠢᠳᠠᠭ᠃ ᠡᠭᠦᠨ ᠳᠤ ᠬᠤᠷᠠᠭ᠎ᠠ ᠢᠰᠢᠭᠡ ᠶᠢ 8 ᠳ᠋ᠤᠭᠠᠷ ᠰᠠᠷ᠎ᠠ ᠶᠢᠨ ᠰᠡᠭᠦᠯᠴᠢ ᠪᠠᠷ ᠡᠭᠡ ᠶᠢ ᠨᠢ ᠲᠠᠭᠠᠭᠤᠯᠵᠤ ᠬᠠᠷᠢᠭᠤᠯᠤᠨ᠂ 9 ᠳ᠋ᠤᠭᠡᠷ ᠰᠠᠷ᠎ᠠ ᠶᠢᠨ ᠲᠤᠮᠳᠠᠴᠢ ᠠᠴᠠ ᠡᠭᠡ ᠲᠥᠯ ᠢ ᠰᠦᠷᠦᠭ ᠰᠠᠯᠠᠭᠠᠨ ᠬᠠᠷᠢᠭᠤᠯᠵᠤ᠂ ᠲᠦᠭᠦᠷᠡᠩ ᠲᠤᠰᠤᠨ ᠲᠠᠷᠭᠤ ᠠᠪᠬᠤ ᠳᠤ ᠨᠥᠭᠦᠴᠡᠯ ᠪᠥᠷᠢᠯᠳᠦᠭᠦᠯᠵᠦ ᠥᠭᠬᠦᠪᠡᠯ ᠵᠣᠬᠢᠨ᠎ᠠ᠃ ᠰᠠᠶᠢᠨ ᠡᠭᠦᠯᠳᠡᠷ ᠤᠨ ᠬᠤᠴᠠ ᠤᠬᠤᠨ᠎ᠠ ᠳᠤ 8 ᠳ᠋ᠤᠭᠠᠷ ᠰᠠᠷ᠎ᠠ ᠠᠴᠠ ᠡᠬᠢᠯᠡᠵᠦ᠂ ᠵᠣᠬᠢᠰᠲᠠᠢ ᠲᠡᠵᠢᠭᠡᠯ ᠪᠣᠷᠳᠤᠭ᠎ᠠ ᠨᠠᠮᠠᠷᠢᠯᠠᠵᠤ᠂ 10 ᠳ᠋ᠤᠭᠠᠷ ᠰᠠᠷ᠎ᠠ ᠳᠤ ᠬᠡᠬᠡᠯᠳᠤᠬᠦᠯᠭᠡ ᠬᠢᠬᠦ ᠳᠤ ᠪᠡᠯᠡᠳᠭᠡᠯ ᠬᠢᠪᠡᠯ ᠵᠣᠬᠢᠨ᠎ᠠ᠃ 3. ᠬᠠᠷᠢᠭᠤᠯᠭ᠎ᠠ ᠬᠢᠬᠡᠳ ᠠᠷᠠᠴᠢᠯᠠᠭ᠎ᠠ ᠮᠠᠯᠯᠠᠭ᠎ᠠ ᠪᠠᠨ ᠴᠢᠩᠭᠠᠳᠬᠠᠬᠤ ᠬᠡᠷᠡᠭᠲᠡᠢ᠃ ᠵᠣᠨ ᠨᠠᠮᠦᠷ ᠤᠨ ᠬᠠᠯᠠᠭᠤᠨ ᠤ ᠦᠶ᠎ᠡ ᠳᠤ ᠪᠣᠭ ᠮᠠᠯ ᠢ ᠦᠳᠡ  ᠶᠢᠨ ᠭᠤᠣᠯ ᠳᠤ ᠬᠤᠳᠠᠯᠠᠭᠤᠯᠵᠤ ᠠᠮᠠᠷᠠᠭᠤᠯᠬᠤ ᠪᠤᠶᠣ ᠠᠭᠤᠯᠠᠨ ᠣᠷᠣᠢ ᠬᠢᠷ᠎ᠡ ᠪᠠᠷ ᠰᠡᠷᠢᠭᠦᠴᠠᠭᠦᠯᠤᠨ ᠠᠮᠠᠷᠠᠭᠤᠯᠵᠤ᠂ ᠥᠷᠯᠦᠭᠡ ᠦᠲᠡ ᠳᠤ ᠬᠤᠶᠠᠷ ᠤᠳᠠᠭ᠎ᠠ ᠬᠤᠳᠳᠤᠭ ᠤᠨ ᠤᠰᠤ ᠪᠤᠶᠤ ᠭᠤᠤᠯ ᠤᠨ ᠴᠡᠪᠡᠷ ᠤᠰᠤ ᠪᠠᠷ ᠬᠠᠨᠤᠳᠠᠯ᠎ᠠ ᠨᠢ ᠤᠰᠤᠯᠠᠬᠤ ᠬᠡᠷᠡᠭᠲᠡᠢ᠃ ᠨᠠᠭᠤᠷ ᠤᠨ ᠤᠰᠤ ᠶᠢ ᠤᠤᠭᠤᠯᠭᠠᠵᠤ ᠤᠭᠲᠤ ᠪᠤᠯᠬᠤ ᠦᠭᠡᠢ᠃ ᠢᠡᠭᠬᠢᠪᠡᠯ ᠳᠣᠲᠣᠷ ᠰᠢᠮᠡᠬᠦᠷ ᠬᠤᠷᠤᠬᠠᠢ ᠲᠠᠢ ᠪᠣᠯᠵᠣ ᠮᠠᠳᠡᠨ᠎ᠡ᠃ 10 — 20 ᠬᠤᠨᠤᠭ ᠲᠤ ᠨᠢᠭᠡ ᠤᠳᠠᠭ᠎ᠠ ᠬᠤᠵᠢᠷᠯᠡᠪᠡᠯ ᠵᠣᠬᠢᠨ᠎ᠠ᠃ ᠦᠭᠡᠷ ᠠᠳᠣᠭᠤ ᠶᠢ ᠪᠣᠯ ᠠᠯᠢ ᠪᠣᠯᠬᠤ ᠪᠠᠷ ᠡᠳᠦᠷ ᠲᠤ ᠨᠢᠭᠡ ᠤᠳᠠᠭ᠎ᠠ ᠴᠣᠭᠯᠠᠭᠤᠯᠵᠤ ᠰᠠᠶᠢᠨ ᠤᠰᠤᠯᠠᠬᠤ ᠬᠡᠷᠡᠭᠲᠡᠢ᠃ ᠡᠳᠦᠷ ᠤᠨ ᠰᠡᠷᠢᠭᠦᠨ ᠣᠷᠣᠬᠤ ᠶᠢ ᠲᠠᠭᠠᠯᠳᠣᠨ᠂ ᠡᠯ᠎ᠡ ᠲᠥᠷᠥᠯ ᠤᠨ ᠮᠠᠯ ᠤᠨ ᠪᠡᠯᠴᠢᠭᠡᠷᠯᠡᠬᠦ ᠴᠠᠭ ᠢ ᠨᠢ ᠵᠣᠬᠢᠰᠲᠠᠢ ᠤᠷᠳᠤᠳᠬᠠᠨ᠂ ᠲᠤᠭᠳᠠᠭᠤᠨ ᠪᠡᠯᠴᠢᠭᠡᠷᠯᠡᠭᠦᠯᠵᠦ ᠰᠢᠷᠦᠭᠦᠨ ᠲᠤᠭᠤᠵᠤ ᠬᠥᠭᠡᠭᠡᠬᠦ ᠶᠢ ᠡᠷᠡᠰ ᠴᠡᠭᠡᠷᠯᠡᠬᠦ ᠬᠡᠷᠡᠭᠲᠡᠢ ᠪᠥᠭᠡᠳ ᠰᠠᠶᠢᠨ ᠪᠡᠯᠴᠢᠭᠡᠷ ᠢ ᠰᠤᠩᠭᠤᠨ᠂ ᠠᠳᠠᠯᠢ ᠪᠣᠰᠣ ᠪᠡᠯᠴᠢᠭᠡᠷ ᠲᠤ ᠡᠭᠡᠯᠵᠢᠯᠡᠬᠦᠯᠦᠨ ᠬᠠᠷᠢᠭᠤᠯᠪᠠᠯ ᠵᠣᠬᠢᠨ᠎ᠠ᠃ ᠡᠭᠦᠨ ᠤ ᠬᠠᠮᠲᠤ ᠪᠠᠰᠠ ᠴᠠᠭ ᠲᠠᠷᠦᠢ ᠳᠤᠨᠢ ᠡᠮᠳᠤ ᠣᠬᠢᠶᠠᠯᠭ᠎ᠠ ᠬᠢᠬᠦ᠂ ᠳᠣᠲᠣᠷ ᠰᠢᠮᠡᠭᠦᠷ ᠬᠤᠷᠣᠬᠠᠢ ᠶᠢ ᠨᠢ ᠲᠠᠭᠤᠬᠤ᠂ ᠡᠪᠡᠳᠴᠢᠨ ᠭᠡᠮ ᠢ ᠨᠢ ᠵᠠᠰᠠᠵᠦ ᠡᠳᠡᠭᠡᠷᠡᠭᠦᠯᠬᠦ᠂ ᠰᠡᠷᠭᠡᠶᠢᠯᠡᠯᠲᠡ ᠶᠢᠨ ᠲᠠᠷᠢᠯᠭ᠎ᠠ ᠲᠠᠷᠢᠬᠤ ᠠᠵᠢᠯ ᠢ ᠨᠢᠮᠪᠡᠢ ᠰᠠᠶᠢᠨ ᠬᠢᠬᠦ ᠬᠡᠷᠡᠭᠲᠡᠢ᠃          ︽ᠮᠠᠯ ᠲᠠᠷᠢᠶᠠᠯᠠᠩ ᠤᠨ ᠬᠡᠷᠡᠭᠯᠡᠭᠡᠨ ᠤ ᠰᠢᠨ᠎ᠡ ᠮᠡᠷᠭᠡᠵᠢᠯ︾ ᠭᠡᠬᠦ ᠨᠣᠮ ᠠᠴᠠ ᠪᠠᠭᠤᠯᠭᠠᠪᠠ
 
ᠢᠷᠡᠯᠲᠡ᠄ ᠦᠣᠰᠢᠨ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号