ᠱᠧᠩᠯᠢ ᠵᠡᠭᠡᠯᠢ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠬᠤᠷᠢᠶᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/6
        2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠤᠯᠠᠭᠠᠨᠬᠤᠲᠠ ᠶᠢᠨ ᠱᠧᠩᠯᠢ ᠵᠡᠭᠡᠯᠢ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠬᠤᠷᠢᠶᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠱᠧᠩᠯᠢ ᠵᠡᠭᠡᠯᠢ ᠶᠢᠨ ᠤᠳᠤᠷᠢᠳᠬᠤ ᠪᠠᠭ ᠂ ᠡᠯ᠎ᠡ ᠨᠡᠶᠢᠭᠡᠮ ᠲᠣᠭᠤᠷᠢᠭ ᠤᠨ ᠱᠦᠵᠢ᠂ ᠳᠤᠮᠳᠠᠬᠢ ᠺᠠᠳ᠋ᠷ ᠬᠤᠷᠠᠯ ᠳᠤ ᠣᠷᠣᠯᠴᠠᠪᠠ᠃        ᠬᠤᠷᠠᠯ ᠳᠡᠭᠡᠷ᠎ᠡ᠂ ᠱᠧᠩᠯᠢ ᠵᠡᠭᠡᠯᠢ ᠶᠢᠨ ᠨᠠᠮ ᠤᠨ ᠠᠵᠢᠯ ᠤᠨ ᠵᠦᠪᠯᠡᠯ ᠤᠨ ᠱᠦᠵᠢ ᠵᠠᠩ ᠯᠢ ᠰᠢᠨ ᠡᠯ᠎ᠡ ᠨᠡᠶᠢᠭᠡᠮ ᠲᠣᠭᠤᠷᠢᠭ ᠤᠨ 2025 ᠣᠨ ᠤ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠠᠵᠢᠯ ᠤᠨ ᠲᠠᠲᠠᠪᠤᠷᠢᠯᠠᠨ ᠲᠤᠰᠢᠶᠠᠭᠰᠠᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ ᠠᠵᠢᠯ ᠢ ᠠᠬᠢᠭᠤᠯᠬᠤ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠄ ᠨᠢᠭᠡ ᠳᠤ ᠦᠷᠭᠦᠯᠵᠢᠯᠡᠨ ᠤᠬᠠᠭᠤᠯᠭ᠎ᠠ ᠪᠠᠨ ᠴᠢᠩᠭᠠᠳᠬᠠᠬᠤ ᠬᠡᠷᠡᠭᠲᠡᠶ᠃ ᠰᠠᠭᠤᠭᠠᠯᠢ ᠠᠷᠠᠳ ᠤᠨ ᠬᠤᠯᠪᠤᠭ᠎ᠠ᠂ ᠨᠠᠶᠢᠵᠠ ᠶᠢᠨ ᠲᠣᠭᠤᠷᠢᠭ ᠵᠢᠴᠢ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠬᠡᠯᠪᠡᠷᠢ ᠪᠠᠷ ᠳᠠᠮᠵᠢᠨ ᠰᠦᠯᠵᠢᠶᠡᠨ ᠳᠡᠭᠡᠷ᠎ᠡ ᠥᠷᠭᠡᠨ ᠢᠶᠠᠷ ᠤᠬᠠᠭᠤᠯᠬᠤ ᠪᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠬᠤ ᠬᠡᠷᠡᠭᠲᠡᠶ᠃ ᠬᠤᠶᠠᠷ ᠲᠤ ᠠᠵᠢᠯ ᠤᠨ ᠰᠤᠷᠲᠠᠯ ᠢᠶᠠᠨ ᠬᠤᠪᠢᠷᠠᠭᠤᠯᠬᠤ ᠬᠡᠷᠡᠭᠲᠡᠢ᠃ ᠰᠦᠯᠵᠢᠶᠡᠨ ᠤ ᠠᠵᠢᠯᠲᠠᠨ᠂ ᠨᠡᠶᠢᠭᠡᠮ ᠲᠣᠭᠤᠷᠢᠭ ᠤᠨ ᠠᠵᠢᠯᠲᠠᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠷᠦᠬᠡ ᠳᠤ ᠣᠷᠣᠵᠤ ᠳᠠᠶᠢᠴᠢᠯᠠᠬᠤ᠂ ᠤᠲᠠᠰᠤ ᠪᠠᠷ ᠳᠠᠶᠢᠴᠢᠯᠠᠬᠤ᠂ ᠬᠡᠷ ᠲᠤᠨᠢ ᠬᠦᠷᠴᠦ ᠵᠢᠯᠣᠭᠤᠳᠬᠤ ᠣᠯᠠᠨ ᠠᠷᠭ᠎ᠠ ᠵᠠᠮ ᠢᠶᠠᠷ ᠰᠦᠢᠳᠬᠡᠯ ᠲᠤᠰᠢᠶᠠᠬᠤ ᠠᠷᠭ᠎ᠠ ᠮᠠᠶ᠋ᠢᠭ ᠢ ᠠᠪᠴᠤ᠂ ᠬᠡᠷᠡᠭᠴᠡᠭᠡ ᠲᠠᠢ ᠣᠯᠠᠨ ᠲᠦᠮᠡᠨ ᠳᠤ ᠬᠡᠷ ᠲᠤᠨᠢ ᠬᠦᠷᠴᠦ ᠰᠦᠢᠳᠬᠡᠯ ᠲᠤᠰᠢᠶᠠᠬᠤ ᠶᠢ ᠣᠷᠣᠯᠠᠨ ᠭᠦᠢᠴᠡᠳᠬᠡᠵᠦ᠂ ᠰᠠᠭᠤᠭᠠᠯᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠬᠤ ᠬᠡᠷᠡᠭᠲᠡᠢ᠃ ᠭᠤᠷᠪᠠ ᠳᠤ᠂ ᠡᠭᠦᠷᠭᠡ ᠶᠢᠨ ᠴᠠᠭ ᠤᠨ ᠬᠢᠵᠠᠭᠠᠷ ᠢ ᠲᠣᠳᠣᠷᠬᠠᠶᠢᠯᠠᠬᠤ ᠬᠡᠷᠡᠭᠲᠡᠢ᠃ ᠴᠠᠭ ᠪᠠᠴᠢᠮ᠂ ᠡᠭᠦᠷᠭᠡ ᠬᠦᠨᠳᠦ᠂ ᠡᠯ᠎ᠡ ᠨᠡᠶᠢᠭᠡᠮ ᠲᠣᠭᠤᠷᠢᠭ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠳᠡᠪᠬᠢᠲᠡᠶ ᠪᠠᠷ ᠨᠡᠪᠲᠡᠷᠡᠯᠴᠡᠬᠦ ᠶᠢᠨ ᠬᠠᠮᠲᠤ ᠰᠦᠢᠳᠬᠡᠯ ᠲᠤᠰᠢᠶᠠᠭᠰᠠᠨ ᠠᠬᠢᠴᠠ ᠶᠢ ᠴᠠᠭ ᠲᠤᠬᠠᠶ ᠳᠤᠨᠢ ᠬᠠᠷᠢᠭᠤ ᠲᠤᠰᠬᠠᠨ ᠬᠢᠨᠠᠨ ᠪᠠᠶᠢᠴᠠᠭᠠᠵᠤ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠡᠭᠦᠷᠭᠡ ᠪᠠᠨ ᠪᠥᠬᠦ ᠲᠠᠯ᠎ᠠ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃        ᠳᠠᠷᠠᠭᠠᠴᠢ ᠶᠢᠨ ᠠᠯᠬᠤᠮ ᠳᠤ᠂ ᠱᠧᠩᠯᠢ ᠵᠡᠭᠡᠯᠢ ᠬᠠᠷᠠᠯᠲᠠ ᠡᠭᠦᠷᠭᠡ ᠪᠠᠨ ᠴᠢᠩᠭ᠎ᠠ ᠪᠣᠳᠠᠲᠠᠢ ᠠᠳᠬᠤᠵᠤ᠂ ᠬᠦᠴᠦᠨ ᠢᠶᠠᠨ ᠦᠷᠭᠦᠯᠵᠢᠯᠡᠨ ᠲᠥᠪᠯᠡᠷᠡᠭᠦᠯᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠤᠬᠠᠭᠤᠯᠭ᠎ᠠ ᠶᠢᠨ ᠠᠵᠢᠯ ᠢ ᠰᠠᠶᠢᠲᠤᠷ ᠠᠳᠬᠤᠵᠤ᠂ ᠰᠠᠭᠤᠭᠠᠯᠢ ᠠᠷᠠᠳ ᠢ ᠬᠦᠳᠦᠯᠦᠨ ᠵᠢᠯᠣᠭᠤᠳᠴᠤ ᠪᠠᠶᠢᠭᠠᠳ ᠡᠮ ᠡᠮᠨᠡᠯᠭᠡ ᠶᠢᠨ ᠳᠠᠭᠠᠳᠬᠠᠯ ᠢ ᠠᠩᠬᠠᠷᠴᠤ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠠᠵᠢᠯ ᠤᠨ ᠡᠴᠦᠰ ᠤᠨ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠪᠠᠲᠤ ᠪᠠᠬᠢ ᠪᠠᠲᠤᠯᠠᠭ᠎ᠠ ᠬᠠᠩᠭᠠᠨ᠎ᠠ᠃   
 
ᠢᠷᠡᠯᠲᠡ᠄ ᠱᠧᠩᠯᠢ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号