| | 2025 ᠣᠨ ᠤ 1 ᠰᠠᠷ᠎ᠠ ᠳᠤ᠂ ᠤᠯᠠᠭᠠᠨᠬᠤᠲᠠ ᠶᠢᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ | ᠵᠠᠰᠠᠬᠤ ᠲᠥᠪ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠮᠠᠨ ᠤ ᠬᠤᠲᠠ ᠶᠢᠨ ᠵᠥᠷᠢᠴᠡᠯ ᠵᠢᠭᠤᠷᠠᠯᠳᠤᠭᠠᠨ ᠢ | ᠰᠡᠷᠭᠡᠶᠢᠯᠡᠨ ᠠᠷᠢᠯᠭᠠᠬᠤ ᠬᠠᠤᠯᠢᠵᠢᠯ ᠤᠨ ᠠᠬᠢᠴᠠ ᠵᠢᠴᠢ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ | ᠵᠢᠷᠤᠮᠵᠢᠭᠰᠠᠨ ᠪᠠᠶᠢᠳᠠᠯ ᠳᠤ ᠣᠷᠤᠭᠰᠠᠨ ᠢ ᠬᠠᠷᠠᠭᠤᠯᠵᠤ ᠪᠠᠶᠢᠨ᠎ᠠ᠃ ᠠᠰᠢᠭᠯᠠᠯᠲᠠ ᠳᠤ ᠣᠷᠤᠭᠰᠠᠨ ᠠᠴᠠ ᠨᠠᠭᠠᠰᠢ᠂ | ᠲᠥᠪ ᠨᠢ ︽36+6+5+1︾ ᠵᠠᠭᠪᠤᠷ ᠢᠶᠠᠷ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ | ᠦᠢᠯᠡᠴᠢᠯᠡᠭᠡ ᠬᠢᠵᠦ᠂ ᠰᠡᠳᠬᠢᠯ ᠲᠠᠯᠪᠢᠨ ᠬᠦᠴᠦ ᠣᠷᠣᠭᠤᠯᠤᠨ ᠠᠷᠠᠳ ᠤᠨ ᠵᠣᠪᠠᠨᠢᠯ ᠢ ᠠᠷᠢᠯᠭᠠᠪᠠ᠃ | ᠤᠯᠠᠭᠠᠨᠬᠤᠲᠠ ᠶᠢᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠤᠨ ᠣᠯᠠᠨ ᠲᠦᠮᠡᠨ | ᠢ ᠬᠦᠯᠢᠶᠡᠨ ᠠᠪᠬᠤ ᠶᠡᠭᠡ ᠲᠢᠩᠬᠢᠮ ᠳᠤ᠂ ᠬᠤᠲᠠ ᠶᠢᠨ ᠠᠷᠠᠳ ᠪᠦᠦ ᠬᠠᠶ ᠬᠤ᠋ ᠶᠠᠭ ᠵᠥᠷᠢᠴᠡᠯ ᠵᠢᠭᠤᠷᠠᠯᠳᠤᠭᠠᠨ | ᠢᠶᠠᠨ ᠡᠶᠡᠳᠡᠭᠦᠯᠬᠦ ᠪᠠᠷ ᠳᠠᠩᠰᠠᠯᠠᠭᠤᠯᠵᠤ᠂ ᠶᠡᠷᠦᠩᠬᠡᠶᠢᠯᠡᠨ ᠵᠠᠰᠠᠬᠤ ᠲᠥᠪ ᠤᠨ ᠠᠵᠢᠯᠲᠠᠳ ᠪᠠᠶᠢᠳᠠᠯ ᠢ ᠨᠠᠷᠢᠨ | ᠣᠶᠢᠯᠠᠭᠠᠭᠰᠠᠨ ᠤ ᠳᠠᠷᠠᠭ᠎ᠠ᠂ ᠳᠠᠷᠤᠶ ᠲᠦᠷᠭᠡᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠲᠥᠪ ᠤᠨ ᠡᠶᠡᠳᠡᠭᠦᠯᠦᠭᠴᠢ ᠵᠢᠴᠢ ᠬᠡᠷᠡᠭ ᠤᠨ ᠲᠤᠬᠠᠶ ᠶᠢᠨ ᠬᠥᠮᠦᠨ ᠢ ᠴᠤᠭᠯᠠᠭᠤᠯᠤᠨ ᠬᠡᠷᠡᠭ ᠢ ᠰᠤᠳᠤᠯᠤᠨ | ᠮᠠᠭᠠᠳᠯᠠᠨ ᠡᠶᠡᠳᠡᠭᠦᠯᠵᠦ᠂ ᠡᠴᠦᠰ ᠲᠡᠭᠡᠨ ᠬᠤᠶᠠᠷ ᠲᠠᠯ᠎ᠠ ᠪᠠᠷ ᠢᠶᠠᠨ ᠰᠠᠨᠠᠯ ᠨᠢᠭᠡᠳᠴᠦ᠂ ᠡᠨᠡ ᠤᠳᠠᠭᠠᠨ ᠤ ᠠᠳᠠᠯ | ᠠᠬᠤᠶ ᠶᠢᠨ ᠰᠦᠢᠳᠭᠡᠯ ᠲᠤᠰᠢᠶᠠᠬᠤ ᠠᠴᠠ ᠪᠣᠯᠤᠭᠰᠠᠨ ᠵᠢᠭᠤᠷᠠᠯᠳᠤᠭᠠᠨ ᠢ ᠲᠣᠬᠢᠲᠠᠶ ᠰᠢᠢᠳᠪᠦᠷᠢᠯᠡᠵᠡᠢ᠃ | | | | | ᠣᠶᠢᠯᠠᠭᠠᠭᠰᠠᠨ ᠢᠶᠠᠷ᠂ ᠤᠯᠠᠭᠠᠨᠬᠤᠲᠠ ᠶᠢᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ | ᠲᠥᠪ ᠨᠢ ︽36+6+5+1︾ ᠣᠷᠤᠵᠤ ᠰᠠᠭᠤᠬᠤ ᠵᠠᠭᠪᠤᠷ ᠢ ᠬᠡᠷᠡᠭᠯᠡᠵᠦ᠂ ᠳᠠᠷᠤᠶ ᠵᠠᠬᠢᠳᠠᠯ ᠰᠤᠷᠪᠤᠯᠵᠢᠯᠠᠯ ᠤᠨ | ᠲᠣᠪᠴᠢᠶ᠎ᠠ᠂ ᠣᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ | 36 ᠡᠭᠦᠷᠭᠡ ᠴᠢᠳᠠᠪᠬᠢᠲᠦ ᠰᠠᠯᠠᠭ᠎ᠠ ᠮᠦᠴᠢᠷ᠂ ᠵᠠᠷᠭᠤ ᠶᠢᠨ ᠦᠢᠯᠡᠴᠢᠯᠡᠭᠡᠨ ᠤ ᠲᠥᠪ᠂ ᠪᠠᠶᠢᠴᠠᠭᠠᠬᠤ | ᠦᠢᠯᠡᠴᠢᠯᠡᠭᠡᠨ ᠤ ᠲᠥᠪ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ᠂ ᠵᠠᠬᠢᠳᠠᠯ | ᠰᠤᠷᠪᠤᠯᠵᠢᠯᠠᠯ ᠢ ᠭᠥᠯᠢᠶᠡᠨ ᠠᠪᠬᠤ ᠲᠥᠪ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠪᠠ ᠬᠡᠷᠡᠭᠯᠡᠭᠴᠢᠳ ᠤᠨ | ᠡᠷᠬᠡ ᠠᠰᠢᠭ ᠢ ᠬᠠᠮᠠᠭᠠᠯᠠᠬᠤ ᠲᠥᠪ ᠵᠡᠷᠭᠡ 6 ᠲᠥᠪ᠂ ᠠᠳᠠᠯ ᠠᠬᠤᠶ ᠶᠢᠨ ᠵᠢᠭᠤᠷᠠᠯᠳᠤᠭᠠᠨ ᠢ ᠡᠶᠡᠳᠡᠭᠦᠯᠬᠦ ᠺᠣᠮᠢᠰ᠂ | ᠵᠠᠮ ᠬᠠᠷᠢᠯᠴᠠᠭᠠᠨ ᠤ ᠡ᠊ᠡᠳᠡᠯ ᠤᠨ ᠵᠢᠭᠤᠷᠠᠯᠳᠤᠭᠠᠨ ᠢ ᠡᠶᠡᠳᠡᠭᠦᠯᠬᠦ ᠺᠣᠮᠢᠰ᠂ ᠬᠡᠷᠡᠭᠯᠡᠭᠡᠨ ᠤ ᠵᠢᠭᠤᠷᠠᠯᠳᠤᠭᠠᠨ ᠢ | ᠡᠶᠡᠳᠡᠭᠦᠯᠬᠦ ᠺᠣᠮᠢᠰ᠂ ᠬᠥᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠬᠦ ᠺᠣᠮᠢᠰ ᠵᠡᠷᠭᠡ ᠠᠵᠢᠯ ᠲᠥᠷᠥᠯ ᠤᠨ ᠴᠢᠨᠠᠷᠲᠠᠶ | ᠡᠶᠡᠳᠡᠭᠦᠯᠬᠦ ᠵᠣᠬᠢᠶᠠᠨ ᠪᠠᠶᠢᠭᠤᠯᠤᠯᠲᠠ ᠪᠠ ︽ᠰᠡᠳᠬᠢᠴᠡ ᠶᠢᠨ ᠦᠢᠯᠡᠴᠢᠯᠡᠭᠡ︾ ᠵᠡᠷᠭᠡ 1 ᠨᠡᠶᠢᠭᠡᠮ ᠤᠨ ᠵᠣᠬᠢᠶᠠᠨ | ᠪᠠᠶᠢᠭᠤᠯᠤᠯᠲᠠ ᠠᠴᠠ ᠶᠡᠷᠦᠩᠬᠡᠶᠢᠯᠡᠨ ᠵᠠᠰᠠᠬᠤ ᠲᠥᠪ ᠲᠤ ᠣᠷᠣᠵᠤ ᠰᠠᠭᠤᠨ᠂ ︽ᠨᠢᠭᠡ ᠥᠷᠲᠡᠭᠡᠴᠢᠯᠡᠬᠦ︾ ᠨᠢ | ᠣᠯᠠᠨ ᠲᠦᠮᠡᠨ ᠤ ᠵᠠᠬᠢᠳᠠᠯ ᠰᠤᠷᠪᠤᠯᠵᠢᠯᠠᠯ᠂ ᠵᠥᠷᠢᠴᠡᠯ ᠵᠢᠭᠤᠷᠠᠯᠳᠤᠭᠠᠨ ᠢ ᠭᠥᠯᠢᠶᠡᠨ ᠠᠪᠴᠤ ᠰᠢᠢᠳᠪᠦᠷᠢᠯᠡᠬᠦ᠂ | ᠵᠠᠭᠠᠯᠳᠤᠵᠤ ᠢᠯᠡᠴᠢᠯᠡᠨ ᠮᠡᠳᠡᠭᠦᠯᠬᠦ ᠵᠡᠷᠭᠡ ᠡᠯ᠎ᠡ ᠲᠥᠷᠥᠯ ᠤᠨ ᠵᠦᠢᠯᠡᠰ ᠢ ᠭᠥᠯᠢᠶᠡᠨ ᠠᠪᠴᠤ ᠰᠢᠢᠳᠪᠦᠷᠢᠯᠡᠵᠦ᠂ | ᠬᠦᠯᠢᠶᠡᠨ ᠠᠪᠬᠤ᠂ ᠰᠢᠯᠵᠢᠭᠦᠯᠬᠦ᠂ ᠰᠢᠢᠳᠪᠦᠷᠢᠯᠡᠬᠦ ᠶᠢ ᠪᠦᠬᠦ ᠲᠠᠯ᠎ᠠ ᠪᠠᠷ ᠵᠣᠯᠭᠠᠭᠤᠯᠵᠤ᠂ ᠣᠯᠠᠨ ᠲᠦᠮᠡᠨ ᠳᠤ ᠪᠥᠬᠦ | ᠬᠦᠷᠢᠶ᠎ᠡ ᠴᠠᠷᠠᠭ᠎ᠠ᠂ ᠪᠦᠬᠦᠨ ᠢ ᠬᠠᠮᠤᠷᠬᠤ᠂ ᠪᠥᠬᠦ ᠶᠠᠪᠤᠴᠠ ᠳᠤ ᠰᠢᠯᠢᠳᠡᠭ ᠦᠢᠯᠡᠴᠢᠯᠡᠭᠡ ᠬᠠᠩᠭᠠᠬᠰᠠᠨ ᠢᠶᠠᠷ ᠪᠠᠷᠠᠬᠤ | ᠥᠬᠡᠶ᠂ ᠡᠨᠡ ᠬᠦ ᠰᠢᠷᠢᠰ ᠠᠷᠭ᠎ᠠ ᠬᠡᠮᠵᠢᠶ᠎ᠡ ᠨᠢ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ ᠪᠦᠲᠦᠮᠵᠢᠲᠡᠶ | ᠰᠢᠢᠳᠪᠦᠷᠢᠯᠡᠵᠦ᠂ ᠠᠷᠠᠳ ᠣᠯᠠᠨ ᠳᠤ ᠲᠥᠪ ᠭᠤᠤᠯᠴᠢ ᠰᠢᠳᠤᠷᠭᠤ ᠶᠣᠰᠣ ᠶᠢ ᠦᠨᠡᠨ ᠬᠦ ᠮᠡᠳᠡᠷᠡᠭᠦᠯᠵᠡᠢ᠃ | | | | | ᠤᠯᠠᠭᠠᠨᠬᠤᠲᠠ ᠶᠢᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠤᠨ ᠳᠡᠳ᠋ | ᠡᠷᠬᠢᠯᠡᠭᠴᠢ ᠵᠠᠩ ᠬᠤᠩ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ᠂ ᠤᠯᠠᠭᠠᠨᠬᠤᠲᠠ ᠶᠢᠨ ᠶᠡᠷᠦᠩᠬᠡᠶᠢᠯᠡᠨ | ᠵᠠᠰᠠᠬᠤ ᠲᠥᠪ ᠨᠢ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ | ᠤᠯᠤᠰ ᠲᠥᠷᠥ ᠬᠠᠤᠯᠢ ᠴᠠᠭᠠᠵᠠ ᠶᠢᠨ ᠡᠭᠦᠷᠭᠡ ᠴᠢᠳᠠᠪᠬᠢ ᠳᠤ ᠰᠠᠭᠤᠷᠢᠯᠠᠨ᠂ ︽ᠠᠮᠤᠷ ᠲᠦᠪᠰᠢᠨ︾ ᠤ | ᠠᠰᠠᠭᠤᠳᠠᠯ ᠢ ᠪᠣᠳᠣᠯᠬᠢᠯᠠᠵᠤ᠂ ᠡᠬᠢ ᠪᠠᠶᠠᠯᠢᠭ ᠤᠨ ᠬᠦᠴᠦᠨ ᠢ ᠡᠮᠬᠢᠯᠡᠨ ᠨᠡᠶᠢᠯᠡᠭᠦᠯᠵᠦ᠂ ᠲᠦᠷᠢᠮ ᠲᠣᠭᠲᠠᠴᠠ ᠶᠢ | ᠲᠡᠭᠦᠯᠳᠡᠷᠵᠢᠭᠦᠯᠦᠨ᠂ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢ ᠪᠥᠬᠦ | ᠬᠦᠴᠦᠨ ᠢᠶᠠᠷ ᠢᠶᠠᠨ ᠠᠬᠢᠭᠤᠯᠵᠤ᠂ ᠣᠯᠠᠨ ᠲᠦᠮᠡᠨ ᠳᠤ ᠳᠥᠭᠦᠮ ᠳᠥᠲᠡ᠂ ᠲᠦᠷᠭᠡᠨ᠂ ᠥᠨᠳᠥᠷ ᠪᠦᠲᠦᠮᠵᠢᠲᠡᠶ | ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠦᠢᠯᠡᠴᠢᠯᠡᠭᠡ ᠬᠠᠩᠭᠠᠵᠤ᠂ ᠦᠨᠳᠦᠰᠦᠨ ᠱᠠᠲᠤᠨ ᠤ | ᠵᠠᠰᠠᠯᠲᠠ ᠶᠢᠨ ᠴᠢᠳᠠᠪᠤᠷᠢ ᠪᠠ ᠵᠠᠰᠠᠯᠲᠠ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ᠂ ᠠᠮᠤᠷ | ᠠᠮᠤᠭᠤᠯᠠᠩ ᠤᠯᠠᠭᠠᠨᠬᠤᠲᠠ ᠶᠢᠨ ᠪᠥᠲᠥᠭᠡᠨ ᠪᠠᠶᠢᠭᠤᠯᠤᠯᠲᠠ ᠳᠤ ᠶᠡᠷᠦᠩᠬᠡᠶᠢᠯᠡᠨ ᠵᠠᠰᠠᠬᠤ ᠬᠦᠴᠦᠨ ᠴᠢᠳᠠᠯ ᠢᠶᠠᠨ | ᠡᠷᠭᠦᠨ᠎ᠡ ᠭᠡᠵᠡᠶ᠃ | | | | |