| | 2024 ᠣᠨ ᠳᠤ᠂ ᠤᠯᠠᠭᠠᠨᠬᠤᠲᠠ ᠠᠷᠠᠳ ᠲᠦᠮᠡᠨ ᠤ ᠡᠷᠡᠭᠦᠯ ᠮᠡᠨᠳᠦ ᠪᠠᠷ ᠭᠤᠤᠯ ᠪᠣᠯᠭᠠᠬᠤ ᠶᠢ | ᠪᠠᠷᠢᠮᠲᠠᠯᠠᠵᠤ᠂ ᠠᠷᠠᠳ ᠣᠯᠠᠨ ᠤ ᠠᠩᠬᠠᠷᠴᠤ ᠪᠠᠶᠢᠭ᠎ᠠ ᠡᠮᠴᠢᠯᠡᠭᠡᠨ ᠤ ᠬᠠᠯᠠᠮᠰᠢᠯ᠂ ᠬᠦᠴᠢᠷ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠣᠯᠠᠨ ᠲᠦᠮᠡᠨ ᠤ ᠡᠪᠡᠳᠴᠢᠨ ᠦᠵᠡᠭᠦᠯᠵᠦ ᠡᠮᠴᠢᠯᠡᠭᠦᠯᠬᠦ ᠳᠤ ᠰᠡᠳᠬᠢᠯ | ᠵᠣᠪᠠᠵᠤ ᠪᠠᠶᠢᠭ᠎ᠠ ᠶᠠᠪᠤᠳᠠᠯ ᠢ ᠪᠦᠲᠦᠮᠵᠢᠲᠡᠶ ᠰᠢᠢᠳᠪᠦᠷᠢᠯᠡᠵᠦ᠂ ᠣᠯᠠᠨ ᠲᠦᠮᠡᠨ ᠤ ᠠᠮᠢᠳᠤᠷᠠᠯ ᠢ ᠪᠠᠲᠤᠯᠠᠭ᠎ᠠ ᠲᠠᠢ | ᠪᠣᠯᠭᠠᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠦᠨᠡᠨ ᠬᠦ | ᠳᠡᠭᠡᠭᠰᠢᠯᠡᠭᠦᠯᠪᠡ᠃ | | | | ᠳᠡᠭᠦᠯᠢᠨ ᠵᠡᠭᠡᠯᠢ ᠶᠢᠨ ᠵᠢᠶᠠ ᠹᠦ᠋ ᠰᠠᠭᠤᠭᠠᠯᠢ ᠠᠷᠠᠳ ᠤᠨ ᠲᠣᠭᠤᠷᠢᠭ ᠤᠨ ᠶᠠᠩ ᡁᠢ ᠴᠧᠩ ᠤᠨ ᠭᠡᠷ ᠲᠤ | ᠬᠦᠷᠬᠦ ᠳᠤ᠂ ᠭᠡᠷ ᠪᠦᠯᠢ ᠶᠢᠨ ᠡᠮᠴᠢ ᠶᠠᠭ ᠲᠡᠭᠦᠨ ᠤ ᠴᠢᠰᠤᠨ ᠳᠠᠷᠤᠯᠲᠠ᠂ ᠴᠢᠰᠤᠨ ᠰᠢᠬᠢᠷ ᠢ ᠬᠡᠮᠵᠢᠬᠦ ᠶᠢᠨ ᠬᠠᠮᠲᠤ | ᠤᠢᠢᠷ᠎ᠠ ᠶᠢᠨ ᠬᠤᠭᠤᠴᠠᠭᠠᠨ ᠤ ᠢᠳᠡᠭᠡᠨ ᠤᠮᠳᠠᠭᠠᠨ᠂ ᠤᠨᠲᠠᠯᠭ᠎ᠠ ᠶᠢᠨ ᠪᠠᠶᠢᠳᠠᠯ ᠢ ᠨᠠᠷᠢᠨ ᠠᠰᠠᠭᠤᠵᠤ᠂ ᠲᠡᠭᠦᠨ ᠤ | ᠪᠡᠶ᠎ᠡ ᠶᠢᠨ ᠪᠠᠶᠢᠳᠠᠯ ᠳᠤ ᠴᠢᠭᠯᠡᠭᠦᠯᠦᠨ ᠲᠤᠰᠬᠠᠶᠢᠵᠢᠭᠰᠠᠨ ᠡᠷᠡᠭᠦᠯ ᠮᠡᠨᠳᠦ ᠶᠢᠨ ᠰᠠᠨᠠᠭᠤᠯᠭ᠎ᠠ ᠪᠠ ᠬᠠᠮᠢᠶᠠᠷᠤᠯᠲᠠ | ᠦᠢᠯᠡᠴᠢᠯᠡᠭᠡ ᠬᠠᠩᠭᠠᠵᠤ ᠪᠠᠶᠢᠯ᠎ᠠ᠃ | ᠣᠳᠣᠬᠠᠨ ᠳᠤ᠂ ᠤᠯᠠᠮ ᠠᠴᠠ ᠤᠯᠠᠮ ᠣᠯᠠᠨ ᠨᠠᠰᠤᠲᠠᠶᠢᠴᠤᠳ᠂ ᠵᠢᠷᠮᠦᠰᠦᠨ ᠡᠮᠡᠭᠲᠡᠶ᠂ ᠨᠢᠯᠬ᠎ᠠ ᠬᠡᠤᠬᠡᠳ | ᠂ ᠤᠳᠠᠭᠠᠨ ᠴᠢᠨᠠᠷᠲᠠᠶ ᠡᠪᠡᠳᠴᠢᠲᠡᠨ ᠵᠡᠷᠭᠡ ᠭᠤᠤᠯᠳᠠᠯᠭ᠎ᠠ ᠲᠠᠢ ᠬᠥᠮᠦᠰ ᠬᠡᠷ ᠪᠦᠯᠢ ᠶᠢᠨ ᠡᠮᠴᠢ ᠶᠢᠨ | ᠦᠢᠯᠡᠴᠢᠯᠡᠭᠡ ᠶᠢ ᠭᠥᠷᠳᠡᠵᠦ ᠡᠬᠢᠯᠡᠪᠡ᠃ 2024 ᠣᠨ ᠳᠤ᠂ ᠤᠯᠠᠭᠠᠨᠬᠤᠲᠠ ᠬᠠᠷᠢᠶ᠎ᠠ ᠣᠷᠣᠨ ᠤ ᠰᠠᠭᠤᠭᠠᠯᠢ | ᠠᠷᠠᠳ ᠲᠤ ᠨᠡᠶᠢᠲᠡ 29.6 ᠲᠦᠮᠡᠨ ᠡᠯᠧᠺᠲᠷᠣᠨ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠵᠤ᠂ ᠲᠠᠩᠰᠠ | ᠡᠪᠬᠡᠮᠡᠯ ᠪᠠᠶᠢᠭᠤᠯᠤᠭᠰᠠᠨ ᠨᠣᠷᠮ᠎ᠠ ᠨᠢ 84% ᠳᠤ ᠬᠥᠷᠪᠡ᠃ ᠭᠡᠷ᠎ᠡ ᠲᠣᠭᠲᠠᠬᠤ ᠪᠦᠯᠬᠦᠮ ᠳᠤ ᠲᠦᠰᠢᠭᠯᠡᠨ ᠬᠡᠷ | ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠥᠷᠨᠢᠭᠦᠯᠵᠦ᠂ ᠨᠡᠶᠢᠲᠡ 22 ᠲᠦᠮᠡ ᠭᠠᠷᠤᠶ ᠬᠥᠮᠦᠨ ᠭᠡᠷ᠎ᠡ | ᠲᠣᠭᠲᠠᠵᠤ᠂ ᠣᠯᠠᠨ ᠲᠦᠮᠡᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢ ᠪᠦᠲᠦᠮᠵᠢᠲᠡᠶ ᠴᠢᠩᠭᠠᠳᠬᠠᠵᠤ᠂ ᠠᠷᠠᠳ | ᠣᠯᠠᠨ ᠤ ᠡᠷᠡᠭᠦᠯ ᠮᠡᠨᠳᠦ ᠶᠢᠨ ᠬᠡᠪ ᠴᠢᠨᠠᠷ ᠢ ᠳᠡᠭᠡᠭᠰᠢᠯᠡᠭᠦᠯᠪᠡ᠃ | | | | | ᠡᠭᠦᠨ ᠤ ᠬᠠᠮᠲᠤ᠂ ᠬᠤᠰᠢᠭᠤ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢ | ᠪᠠᠶᠢᠭᠤᠯᠤᠭᠰᠠᠨ ᠨᠢ ᠡᠮᠴᠢᠯᠡᠭᠡᠨ ᠤ ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠡᠷᠡᠭᠦᠯ | ᠮᠡᠨᠳᠦ ᠶᠢᠨ ᠦᠢᠯᠡᠴᠢᠯᠡᠭᠡᠨ ᠤ ᠭᠦᠨᠴᠡ ᠪᠠ ᠥᠷᠭᠡᠴᠡ ᠶᠢ ᠥᠷᠭᠡᠳᠬᠡᠪᠡ᠃ ᠤᠯᠠᠭᠠᠨᠬᠤᠲᠠ ᠶᠢᠨ ᠡᠮᠴᠢᠯᠡᠭᠡᠨ ᠤ | ᠬᠠᠮᠲᠤ ᠶᠢᠨ ᠴᠣᠭᠴᠠ ᠶᠢᠨ ᠶᠡᠷᠦᠩᠬᠡᠶ ᠡᠮᠨᠡᠯᠭᠡ ᠶᠢᠨ ᠬᠤᠷᠢᠶᠠᠨ ᠤ ᠰᠢᠭᠡᠰᠦ ᠰᠢᠭᠦᠷᠡᠭᠦᠯᠬᠦ ᠭᠠᠳᠠᠷ ᠰᠠᠯᠠᠭ᠎ᠠ ᠳᠤ᠂ | ᠪᠡᠭᠡᠵᠢᠩ ᠤᠨ ᠰᠠᠨᠰᠠᠷ ᠤᠨ ᠠᠶᠠᠯᠠᠯ ᠤᠨ ᠲᠥᠪ ᠡᠮᠨᠡᠯᠭᠡ ᠶᠢᠨ ᠬᠤᠷᠢᠶᠠᠨ ᠤ ᠰᠢᠭᠡᠰᠦ ᠰᠢᠭᠦᠷᠡᠭᠦᠯᠬᠦ ᠭᠠᠳᠠᠷ | ᠰᠠᠯᠠᠭᠠᠨ ᠤ ᠳᠡᠳ᠋ ᠡᠷᠬᠢᠯᠡᠭᠴᠢ ᠡᠮᠴᠢ ᠱᠢ ᠢᠦᠶ ᠴᠢᠶᠠᠩ ᠡᠪᠡᠳᠴᠢᠲᠡᠨ ᠢ ᠣᠨᠣᠰᠢᠯᠠᠨ ᠡᠮᠴᠢᠯᠡᠵᠦ ᠪᠠᠶᠢᠨ᠎ᠠ᠂ | ᠡᠪᠡᠳᠴᠢᠲᠡᠨ ᠤ CT ᠳᠦᠷᠰᠦ ᠰᠢᠩᠭᠡᠭᠡᠯᠲᠡ ᠶᠢ ᠪᠠᠶᠢᠴᠠᠭᠠᠨ ᠦᠵᠡᠬᠦ ᠪᠠᠷ ᠳᠠᠮᠵᠢᠨ ᠡᠪᠡᠳᠴᠢᠲᠡᠨ ᠤ ᠣᠶᠢᠷ᠎ᠠ ᠶᠢᠨ | ᠬᠤᠭᠤᠴᠠᠭᠠᠨ ᠤ ᠪᠡᠶ᠎ᠡ ᠮᠠᠬᠠᠪᠣᠳ ᠤᠨ ᠪᠠᠶᠢᠳᠠᠯ ᠪᠠ ᠡᠮ ᠬᠡᠷᠡᠭᠯᠡᠬᠦ ᠪᠠᠶᠢᠳᠠᠯ ᠢ ᠨᠠᠷᠢᠨ ᠠᠰᠠᠭᠤᠵᠤ᠂ | ᠡᠪᠡᠳᠴᠢᠲᠡᠨ ᠳᠤ ᠥᠪᠡᠷᠮᠢᠴᠡ ᠡᠮᠴᠢᠯᠡᠭᠡᠨ ᠤ ᠲᠥᠰᠦᠯ ᠲᠣᠭᠲᠠᠭᠠᠵᠤ ᠥᠭᠪᠡ᠃ | | | | | ︽ᠪᠢᠳᠡ ᠤᠯᠠᠭᠠᠨᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠲᠠᠢ ᠭᠦᠨᠵᠡᠭᠡᠶ ᠬᠠᠮᠲᠤᠷᠠᠯᠴᠠᠬᠤ | ᠵᠠᠭᠪᠤᠷ ᠪᠠᠶᠢᠭᠤᠯᠵᠤ᠂ ᠰᠠᠨᠰᠠᠷ ᠤᠨ ᠠᠶᠠᠯᠠᠯ ᠤᠨ ᠲᠥᠪ ᠤᠨ ᠡᠮᠨᠡᠯᠭᠡ ᠶᠢᠨ ᠬᠤᠷᠢᠶᠠᠨ ᠤ ᠮᠡᠷᠭᠡᠵᠢᠯ᠂ ᠴᠢᠳᠠᠪᠤᠷᠢᠲᠠᠨ | ᠂ ᠬᠠᠮᠢᠶᠠᠷᠤᠯᠲᠠ ᠵᠡᠷᠭᠡ ᠲᠠᠯ᠎ᠠ ᠶᠢᠨ ᠳᠠᠪᠠᠭᠤᠯᠢᠭ ᠢᠶᠠᠨ ᠠᠰᠢᠭᠯᠠᠨ᠂ ᠲᠤᠰᠬᠠᠶ ᠰᠠᠯᠠᠭᠠᠨ ᠤ ᠡᠮᠨᠡᠯᠭᠡ ᠶᠢᠨ | ᠬᠠᠮᠵᠢᠯᠴᠠᠭ᠎ᠠ ᠪᠠᠷ ᠬᠤᠯᠪᠣᠭᠠᠰᠤ ᠪᠣᠯᠭᠠᠵᠤ᠂ ᠲᠤᠬᠠᠶ ᠶᠢᠨ ᠭᠠᠵᠠᠷ ᠤᠨ ᠡᠮᠴᠢᠯᠡᠭᠡᠨ ᠤ ᠮᠡᠷᠭᠡᠵᠢᠯ ᠤᠨ ᠬᠢᠷᠢ | ᠲᠦᠪᠰᠢᠨ ᠢ ᠬᠠᠪᠰᠤᠷᠤᠨ ᠳᠡᠭᠡᠭᠰᠢᠯᠡᠭᠦᠯᠵᠦ᠂ ᠮᠥᠨ ᠴᠦ ᠡᠮᠴᠢᠯᠡᠭᠡᠨ ᠤ ᠬᠠᠮᠲᠤ ᠶᠢᠨ ᠴᠣᠭᠴᠠ ᠡᠨᠡᠬᠦ | ᠲᠠᠪᠴᠠᠩ ᠢᠶᠠᠷ ᠳᠠᠮᠵᠢᠨ᠂ ᠠᠷᠠᠳ ᠣᠯᠠᠨ ᠤ ᠡᠪᠡᠳᠴᠢᠨ ᠦᠵᠡᠭᠦᠯᠬᠦ ᠳᠤ ᠲᠥᠬᠦᠮ ᠦᠵᠡᠭᠦᠯᠵᠦ᠂ ᠠᠷᠠᠳ | ᠣᠯᠠᠨ ᠳᠤ ᠳᠥᠭᠦᠮ ᠳᠥᠲᠡ ᠴᠢᠨᠠᠷ ᠰᠠᠶᠢᠲᠠᠶ ᠡᠮᠴᠢᠯᠡᠭᠡᠨ ᠤ ᠦᠢᠯᠡᠴᠢᠯᠡᠭᠡ ᠬᠦᠷᠲᠡᠭᠡᠵᠦ᠂ ᠦᠨᠳᠦᠰᠦᠨ ᠱᠠᠲᠤᠨ ᠤ | ᠡᠮᠴᠢ ᠶᠢᠨ ᠬᠢᠷᠢ ᠲᠥᠪᠰᠢᠨ ᠢ ᠨᠠᠩ ᠲᠦᠷᠭᠡᠨ ᠳᠡᠭᠡᠭᠰᠢᠯᠡᠭᠦᠯᠬᠦ ᠶᠢᠨ ᠲᠥᠯᠥᠭᠡ ᠶᠤᠮ︾ ᠭᠡᠵᠦ ᠱᠢ ᠢᠦᠢ ᠴᠢᠶᠠᠩ | ᠬᠡᠯᠡᠵᠡᠢ᠃ | | | | ᠥᠩᠭᠡᠷᠡᠭᠰᠡᠨ ᠳᠤ᠂ ᠦᠨᠳᠦᠰᠦᠨ ᠱᠠᠲᠤᠨ ᠤ ᠡᠮᠴᠢᠯᠡᠭᠡᠨ ᠤ ᠡᠬᠢ ᠪᠠᠶᠠᠯᠢᠭ ᠬᠠᠷᠢᠴᠠᠩᠭᠤᠶ ᠪᠠᠷ ᠪᠠᠭᠤᠷᠠᠶ᠂ | ᠮᠡᠳᠡᠭᠡ ᠵᠠᠩᠭᠢ ᠶᠢᠨ ᠨᠡᠪᠲᠡᠷᠡᠯᠴᠡᠭᠡ ᠰᠢᠯᠤᠭᠤᠨ ᠪᠤᠰᠤ ᠪᠠᠶᠢᠵᠤ᠂ ᠤᠯᠠᠨ ᠲᠦᠮᠡᠨ ᠤ ᠡᠪᠡᠳᠴᠢᠨ ᠦᠵᠡᠭᠦᠯᠵᠦ | ᠡᠮᠴᠢᠯᠡᠭᠦᠯᠬᠦ ᠳᠤ ᠮᠠᠰᠢ ᠤᠯᠠᠨ ᠳᠥᠭᠦᠮ ᠦᠭᠡᠢ ᠪᠠᠶᠢᠪᠠ᠃ ᠣᠳᠣᠬᠠᠨ ᠳᠤ᠂ ᠤᠯᠠᠭᠠᠨᠬᠤᠲᠠ ᠶᠢᠨ ᠡᠮᠴᠢᠯᠡᠭᠡᠨ ᠤ | ᠬᠠᠮᠲᠤ ᠶᠢᠨ ᠴᠣᠭᠴᠠ ᠶᠢᠨ ᠶᠡᠷᠦᠩᠬᠡᠶ ᠡᠮᠨᠡᠯᠭᠡ ᠶᠢᠨ ᠬᠤᠷᠢᠶ᠎ᠠ ᠣᠶᠤᠨᠴᠢᠯᠠᠭᠰᠠᠨ ᠡᠮᠴᠢᠯᠡᠭᠡᠨ ᠤ ᠬᠠᠮᠲᠤ ᠶᠢᠨ | ᠴᠣᠭᠴᠠ ᠶᠢᠨ ᠬᠠᠮᠵᠢᠯᠴᠠᠭᠰᠠᠨ ᠦᠢᠯᠡᠴᠢᠯᠡᠭᠡᠨ ᠤ ᠲᠠᠪᠴᠠᠩ ᠢ ᠠᠰᠢᠭᠯᠠᠨ᠂ ᠡᠮᠴᠢᠯᠡᠭᠡᠨ ᠤ ᠬᠠᠮᠲᠤ ᠶᠢᠨ | ᠴᠣᠭᠴᠠ ᠶᠢᠨ ᠶᠡᠷᠦᠩᠬᠡᠶ ᠡᠮᠨᠡᠯᠭᠡ ᠶᠢᠨ ᠬᠤᠷᠢᠶ᠎ᠠ ᠬᠢᠭᠡᠳ ᠡᠯ᠎ᠡ ᠦᠨᠳᠦᠰᠦᠨ ᠱᠠᠲᠤᠨ ᠤ ᠬᠤᠪᠢᠶᠠᠷᠢ ᠡᠮᠨᠡᠯᠭᠡ ᠶᠢᠨ | ᠬᠤᠷᠢᠶᠠᠨ ᠤ ᠮᠡᠳᠡᠭᠡ ᠵᠠᠩᠭᠢ ᠶᠢᠨ ᠰᠦᠯᠵᠢᠶ᠎ᠡ ᠶᠢ ᠨᠡᠶᠢᠳᠡᠮ ᠪᠦᠷᠬᠦᠭᠦᠯᠵᠦ᠂ ᠡᠪᠡᠳᠴᠢᠲᠡᠨ ᠤ ᠡᠪᠡᠳᠴᠢᠨ | ᠦᠵᠡᠭᠦᠯᠬᠦ ᠮᠡᠳᠡᠭᠡ ᠵᠠᠩᠭᠢ ᠶᠢ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠭᠦᠯᠵᠦ᠂ ᠴᠠᠭ ᠲᠤᠬᠠᠶ ᠳᠤᠨᠢ | ᠪᠠᠶᠢᠴᠠᠭᠠᠨ ᠯᠠᠪᠯᠠᠵᠤ᠂ ︽ᠦᠨᠳᠦᠰᠦᠨ ᠱᠠᠲᠤᠨ ᠤ ᠪᠠᠶᠢᠴᠠᠭᠠᠯᠲᠠ+ ᠬᠤᠲᠠ ᠶᠢᠨ ᠲᠠᠰ ᠤᠨ ᠣᠨᠣᠰᠢᠯᠠᠯᠲᠠ︾ | ᠵᠠᠭᠪᠤᠷ ᠢ ᠲᠠᠰᠤᠷᠠᠯᠲᠠ ᠥᠬᠡᠶ ᠰᠢᠯᠢᠳᠡᠭᠵᠢᠭᠦᠯᠵᠡᠢ᠃ ᠡᠨᠡᠬᠦ ᠠᠬᠤᠶ ᠪᠠᠶᠢᠳᠠᠯ ᠤᠨ ᠳᠣᠤᠷ᠎ᠠ᠂ ᠦᠨᠳᠦᠰᠦᠨ | ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠡᠪᠡᠳᠴᠢᠲᠡᠨ ᠳᠤ ᠪᠠᠶᠢᠴᠠᠭᠠᠨ ᠰᠢᠯᠭᠠᠭᠰᠠᠨ | ᠡᠯ᠎ᠡ ᠵᠦᠢᠯ ᠤᠨ ᠲᠤᠭ᠎ᠠ ᠪᠠᠷᠢᠮᠲᠠ ᠶᠢ ᠰᠦᠯᠵᠢᠶ᠎ᠡ ᠪᠠᠷ ᠳᠠᠮᠵᠢᠨ ᠴᠠᠭ ᠲᠤᠬᠠᠶ ᠳᠤᠨᠢ ᠡᠮᠴᠢᠯᠡᠭᠡᠨ ᠤ ᠬᠠᠮᠲᠤ ᠶᠢᠨ | ᠴᠣᠭᠴᠠ ᠶᠢᠨ ᠶᠡᠷᠦᠩᠬᠡᠶ ᠡᠮᠨᠡᠯᠭᠡ ᠶᠢᠨ ᠬᠤᠷᠢᠶ᠎ᠠ ᠳᠤ ᠬᠦᠷᠭᠡᠵᠦ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ | ᠪᠡᠶᠡᠯᠡᠭᠦᠯᠵᠡᠢ᠃ | | | | 2024 ᠣᠨ ᠳᠤ᠂ ᠤᠯᠠᠭᠠᠨᠬᠤᠲᠠ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤ | ᠲᠡᠶᠢᠰᠢ ᠬᠡᠯᠪᠠᠶᠢᠯᠭᠡᠬᠦ ᠶᠢ ᠦᠷᠭᠦᠯᠵᠢᠯᠡᠨ ᠠᠬᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠶᠡᠷᠦᠩᠬᠡᠶ | ᠡᠮᠨᠡᠯᠭᠡ ᠶᠢᠨ ᠬᠤᠷᠢᠶᠠᠨ ᠤ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠵᠢᠴᠢ ᠡᠮᠴᠢᠯᠡᠭᠡᠨ ᠤ ᠮᠡᠷᠭᠡᠵᠢᠯ ᠤᠨ | ᠴᠢᠳᠠᠪᠤᠷᠢᠲᠠᠨ ᠤ ︽ᠬᠤᠶᠠᠷ ᠢ ᠳᠣᠷᠣᠭᠰᠢ ᠪᠠᠭᠤᠯᠭᠠᠬᠤ︾ ᠶᠢ ᠪᠡᠶᠡᠯᠡᠭᠦᠯᠵᠦ᠂ 38 ᠤᠳᠠᠭ᠎ᠠ ᠡᠮᠨᠡᠯᠭᠡ ᠶᠢᠨ | ᠬᠤᠷᠢᠶᠠᠨ ᠤ ᠭᠠᠳᠠᠨ᠎ᠠ ᠲᠣᠭᠤᠷᠢᠨ ᠡᠮᠴᠢᠯᠡᠬᠦ ᠶᠢ ᠪᠡᠶᠡᠯᠡᠭᠦᠯᠵᠦ᠂ 150 ᠬᠥᠮᠦᠨ ᠤᠳᠠᠭ᠎ᠠ ᠲᠣᠭᠤᠷᠢᠨ ᠡᠮᠴᠢᠯᠡᠵᠦ᠂ | ᠨᠡᠶᠢᠲᠡ 1572 ᠬᠥᠮᠦᠨ ᠤᠳᠠᠭ᠎ᠠ ᠠᠰᠢᠭ ᠭᠥᠷᠳᠡᠪᠡ᠃ ᠡᠭᠦᠨ ᠤ ᠬᠠᠮᠲᠤ᠂ ᠤᠳᠠᠭᠠᠨ ᠴᠢᠨᠠᠷᠲᠠᠶ ᠡᠪᠡᠳᠴᠢᠨ ᠤ | ᠬᠠᠮᠢᠶᠠᠷᠤᠯᠲᠠ ᠶᠢᠨ ᠲᠥᠪ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠦᠨᠳᠦᠰᠦᠨ ᠱᠠᠲᠤᠨ ᠤ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠤᠳᠠᠭᠠᠨ ᠴᠢᠨᠠᠷᠲᠠᠶ ᠡᠪᠡᠳᠴᠢᠨ ᠢ ᠨᠢᠭᠡ | ᠴᠤᠭᠴᠠᠵᠢᠭᠤᠯᠤᠭᠰᠠᠨ ᠡᠭᠦᠳᠡᠨ ᠡᠮᠨᠡᠯᠭᠡ ᠭᠠᠷᠭᠠᠵᠤ᠂ ᠣᠲᠣ ᠪᠣᠯᠲᠠᠯ᠎ᠠ᠂ ᠤᠳᠠᠭᠠᠨ ᠴᠢᠨᠠᠷᠲᠠᠶ ᠡᠪᠡᠳᠴᠢᠨ ᠤ | ᠬᠠᠮᠢᠶᠠᠷᠤᠯᠲᠠ ᠶᠢᠨ ᠲᠥᠪ ᠤᠨ ᠮᠡᠳᠡᠭᠡ ᠵᠠᠩᠭᠢᠵᠢᠯᠲᠠ ᠶᠢᠨ ᠲᠠᠪᠴᠠᠩ ᠳᠤ 389415 ᠡᠷᠡᠭᠦᠯ ᠮᠡᠨᠳᠦ ᠶᠢᠨ ᠮᠡᠳᠡᠭᠡ | ᠵᠠᠩᠭᠢ ᠶᠢ ᠰᠢᠩᠭᠡᠭᠡᠨ ᠠᠪᠴᠤ᠂ ᠠᠷᠠᠳ ᠣᠯᠠᠨ ᠤ ᠡᠷᠡᠭᠦᠯ ᠮᠡᠨᠳᠦ ᠶᠢ ᠦᠷᠭᠦᠯᠵᠢᠯᠡᠨ ᠬᠠᠮᠠᠭᠠᠯᠠᠵᠤ ᠪᠠᠶᠢᠨ᠎ᠠ᠃ | | | | ︽2024 ᠣᠨ ᠳᠤ ᠤᠯᠠᠭᠠᠨᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠣᠯᠠᠨ | ᠲᠦᠮᠡᠨ ᠤ ᠡᠷᠡᠭᠦᠯ ᠮᠡᠨᠳᠦ ᠶᠢᠨ ᠠᠵᠠ ᠵᠢᠷᠭᠠᠯ ᠢ ᠨᠡᠮᠡᠭᠳᠡᠭᠦᠯᠬᠦ ᠪᠠᠷ ᠤᠳᠤᠷᠢᠳᠤᠮᠵᠢ ᠪᠣᠯᠭᠠᠵᠤ᠂ ᠡᠮ ᠡᠮᠨᠡᠯᠭᠡ ᠶᠢᠨ | ᠠᠪᠤᠷᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠪᠠᠷ ᠵᠠᠩᠭᠢᠯᠠᠭ᠎ᠠ ᠪᠣᠯᠭᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ | ᠠᠵᠢᠯ ᠤᠨ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ᠂ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠬᠥᠲᠥᠯᠦᠨ | ᠵᠢᠯᠣᠭᠤᠳᠴᠠᠢ᠃ 2025 ᠣᠨ ᠳᠤ ᠪᠢᠳᠡ ᠬᠤᠰᠢᠭᠤ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠡᠮᠴᠢᠯᠡᠭᠡ ᠪᠣᠯᠤᠨ ᠰᠡᠷᠭᠡᠶᠢᠯᠡᠯᠲᠡ ᠶᠢ | ᠠᠭᠤᠰᠤᠯᠴᠠᠭᠤᠯᠬᠤ ᠶᠢ ᠭᠦᠨᠵᠡᠭᠡᠶ ᠥᠷᠨᠢᠭᠦᠯᠦᠨ᠂ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ | ᠦᠢᠯᠡᠴᠢᠯᠡᠭᠡ ᠶᠢ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠬᠠᠨᠤᠮᠵᠢ ᠶᠢᠨ ᠬᠡᠮᠵᠢᠶ᠎ᠡ | ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠪᠥᠬᠦ ᠬᠤᠲᠠ ᠶᠢᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ︾ ᠭᠡᠵᠦ ᠤᠯᠠᠭᠠᠨᠬᠤᠲᠠ ᠶᠢᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠴᠦᠨ ᠬᠤᠶ ᠢᠯᠡᠷᠬᠡᠶᠢᠯᠡᠵᠡᠢ᠃ | | | |