ᠰᠢ ᠶᠢᠨ ᠫᠢᠩ ᠫᠠᠺᠢᠰᠲ᠋ᠠᠨ ᠤ ᠶᠡᠷᠦᠩᠬᠡᠶᠢᠯᠡᠭᠴᠢ ᠵᠠᠷᠳᠠᠯᠢ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2025/2/7
        ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 5 ᠤ ᠴᠠᠭᠢᠯᠭᠠᠨ ᠮᠡᠳᠡᠭᠡ 2 ᠰᠠᠷ᠎ᠠ ᠶᠢᠨ 5 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠫᠠᠺᠢᠰᠲ᠋ᠠᠨ ᠤ ᠶᠡᠷᠦᠩᠬᠡᠶᠢᠯᠡᠭᠴᠢ ᠵᠠᠷᠳᠠᠯᠢ ᠲᠠᠢ ᠬᠡᠯᠡᠯᠴᠡᠭᠡ ᠬᠢᠪᠡ᠃   
1.JPG
        2 ᠰᠠᠷ᠎ᠠ ᠶᠢᠨ 5 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠫᠠᠺᠢᠰᠲ᠋ᠠᠨ ᠤ ᠶᠡᠷᠦᠩᠬᠡᠶᠢᠯᠡᠭᠴᠢ ᠵᠠᠷᠳᠠᠯᠢ ᠲᠠᠢ ᠬᠡᠯᠡᠯᠴᠡᠭᠡ ᠬᠢᠪᠡ᠃ ᠵᠢᠷᠤᠭ ᠪᠣᠯ ᠰᠢ ᠶᠢᠨ ᠫᠢᠩ ᠵᠠᠷᠳᠠᠯᠢ ᠲᠠᠢ ᠭᠠᠷ ᠠᠳᠬᠤᠵᠤ ᠪᠠᠶᠢᠭ᠎ᠠ ᠨᠢ᠃        ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ  
2.JPG
        2 ᠰᠠᠷ᠎ᠠ ᠶᠢᠨ 5 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠫᠠᠺᠢᠰᠲ᠋ᠠᠨ ᠤ ᠶᠡᠷᠦᠩᠬᠡᠶᠢᠯᠡᠭᠴᠢ ᠵᠠᠷᠳᠠᠯᠢ ᠲᠠᠢ ᠬᠡᠯᠡᠯᠴᠡᠭᠡ ᠬᠢᠪᠡ᠃ ᠵᠢᠷᠤᠭ ᠪᠣᠯ ᠰᠢ ᠶᠢᠨ ᠫᠢᠩ ᠵᠠᠷᠳᠠᠯᠢ ᠲᠠᠢ ᠭᠠᠷ ᠠᠳᠬᠤᠵᠤ ᠪᠠᠶᠢᠭ᠎ᠠ ᠨᠢ᠃        ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ        ᠰᠢ ᠶᠢᠨ ᠫᠢᠩ᠂ ᠳᠤᠮᠳᠠᠳᠤ ᠤᠯᠤᠰ ᠪᠣᠯᠣᠨ ᠫᠠᠺᠢᠰᠲ᠋ᠠᠨ ᠪᠣᠯ ᠰᠠᠶᠢᠨ ᠨᠠᠶᠢᠵᠠ ᠪᠥᠭᠡᠳ ᠥᠨᠢᠳᠡ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠮᠥᠨ᠃ ᠥᠨᠢ ᠤᠳᠠᠭᠠᠨ ᠲᠡᠦᠬᠡ ᠲᠠᠢ ᠳᠤᠮᠳᠠᠳᠤ ᠫᠠᠺᠢᠰᠲ᠋ᠠᠨ ᠤ ᠤᠯᠠᠮᠵᠢᠯᠠᠯᠲᠤ ᠨᠥᠬᠦᠷᠯᠡᠯ ᠢ ᠬᠤᠶᠠᠷ ᠤᠯᠤᠰ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠥᠰ ᠪᠡᠶ᠎ᠡ ᠪᠠᠷ ᠢᠶᠠᠨ ᠴᠣᠭᠴᠠᠯᠠᠨ ᠪᠠᠶᠢᠭᠤᠯᠤᠭᠰᠠᠨ ᠶᠤᠮ᠂ ᠡᠨᠡ ᠪᠣᠯ ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠤ ᠡᠷᠬᠢᠮ ᠨᠠᠨᠳᠢᠨ ᠥᠪ ᠬᠥᠷᠥᠩᠭᠡ ᠮᠥᠨ᠃ ᠣᠶᠢᠷ᠎ᠠ ᠶᠢᠨ ᠵᠢᠯ ᠠᠴᠠ ᠬᠤᠶᠠᠷ ᠲᠠᠯ᠎ᠠ ᠪᠠᠷ ᠢᠶᠠᠨ ᠤᠯᠤᠰ ᠲᠦᠷᠦ ᠶᠢᠨ ᠲᠠᠯ᠎ᠠ ᠪᠠᠷ ᠬᠠᠷᠢᠯᠴᠠᠨ ᠳᠡᠮᠵᠢᠬᠦ ᠪᠠᠨ ᠪᠠᠲᠤᠳᠬᠠᠵᠤ᠂ ᠳᠡᠭᠡᠳᠦ ᠳᠠᠪᠬᠤᠷᠭ᠎ᠠ ᠶᠢᠨ ᠨᠢᠭᠲᠠ ᠶᠠᠪᠤᠯᠴᠠᠭ᠎ᠠ ᠪᠠᠨ ᠪᠠᠲᠤᠯᠠᠵᠤ᠂ ᠳᠤᠮᠳᠠᠳᠤ ᠫᠠᠺᠢᠰᠲ᠋ᠠᠨ ᠤ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠪᠣᠯᠣᠨ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠶᠢ ᠭᠦᠨᠵᠡᠭᠡᠢ ᠠᠬᠢᠭᠤᠯᠵᠤ᠂ ᠤᠯᠤᠰ ᠤᠨ ᠬᠤᠭᠤᠷᠣᠨᠳᠣᠭᠢ ᠬᠠᠷᠢᠯᠴᠠᠭᠠᠨ ᠤ ᠬᠡᠪ ᠳᠠᠭᠤᠷᠢᠶᠠᠯ ᠢ ᠪᠤᠢ ᠪᠣᠯᠭᠠᠪᠠ᠃ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠫᠠᠺᠢᠰᠲ᠋ᠠᠨ ᠤ ᠲᠠᠯ᠎ᠠ ᠶᠢᠨ ᠬᠢᠨ ᠲᠠᠢ ᠥᠪᠡᠷ ᠥᠪᠡᠷ ᠤᠨ ᠣᠳᠣᠬᠢᠴᠢᠯᠠᠯᠲᠠ ᠶᠢᠨ ᠵᠠᠮ ᠳᠡᠭᠡᠷ᠎ᠡ ᠭᠠᠷ ᠬᠤᠯᠪᠣᠨ ᠤᠷᠤᠭᠰᠢᠯᠠᠵᠤ᠂ ᠰᠢᠨ᠎ᠡ ᠴᠠᠭ ᠦᠶ᠎ᠡ ᠶᠢᠨ ᠨᠡᠩ ᠨᠢᠭᠲᠠ ᠬᠠᠷᠢᠴᠠᠭ᠎ᠠ ᠪᠦᠬᠦᠢ ᠳᠤᠮᠳᠠᠳᠤ ᠫᠠᠺᠢᠰᠲ᠋ᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠲᠦᠷᠭᠡᠳᠬᠡᠨ ᠪᠠᠶᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠴᠦ᠂ ᠭᠠᠵᠠᠷ ᠣᠷᠣᠨ ᠤ ᠡᠩᠬᠡ ᠲᠠᠶᠢᠪᠤᠩ᠂ ᠲᠣᠭᠲᠠᠭᠤᠨ᠂ ᠬᠥᠭᠵᠢᠯ ᠴᠡᠴᠡᠭᠯᠡᠯ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃   
3.JPG
        2 ᠰᠠᠷ᠎ᠠ ᠶᠢᠨ 5 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠫᠠᠺᠢᠰᠲ᠋ᠠᠨ ᠤ ᠶᠡᠷᠦᠩᠬᠡᠶᠢᠯᠡᠭᠴᠢ ᠵᠠᠷᠳᠠᠯᠢ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠵᠠᠷᠳᠠᠯᠢ ᠶᠢ ᠤᠭᠲᠤᠬᠤ ᠶᠣᠰᠣᠯᠠᠯ ᠶᠠᠪᠤᠭᠤᠯᠵᠤ ᠪᠠᠶᠢᠭ᠎ᠠ ᠨᠢ᠃        ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠲᠣᠤ ᠰᠡᠭᠦᠳᠡᠷᠯᠡᠪᠡ
4.JPG
        2 ᠰᠠᠷ᠎ᠠ ᠶᠢᠨ 5 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠫᠠᠺᠢᠰᠲ᠋ᠠᠨ ᠤ ᠶᠡᠷᠦᠩᠬᠡᠶᠢᠯᠡᠭᠴᠢ ᠵᠠᠷᠳᠠᠯᠢ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠵᠠᠷᠳᠠᠯᠢ ᠶᠢ ᠤᠭᠲᠤᠬᠤ ᠶᠣᠰᠣᠯᠠᠯ ᠶᠠᠪᠤᠭᠤᠯᠵᠤ ᠪᠠᠶᠢᠭ᠎ᠠ ᠨᠢ᠃        ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠳ᠋ᠢᠩ ᠯᠢᠨ ᠰᠡᠭᠦᠳᠡᠷᠯᠡᠪᠡ    
5.JPG
        2 ᠰᠠᠷ᠎ᠠ ᠶᠢᠨ 5 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠫᠠᠺᠢᠰᠲ᠋ᠠᠨ ᠤ ᠶᠡᠷᠦᠩᠬᠡᠶᠢᠯᠡᠭᠴᠢ ᠵᠠᠷᠳᠠᠯᠢ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠵᠠᠷᠳᠠᠯᠢ ᠶᠢ ᠤᠭᠲᠤᠬᠤ ᠶᠣᠰᠣᠯᠠᠯ ᠶᠠᠪᠤᠭᠤᠯᠵᠤ ᠪᠠᠶᠢᠭ᠎ᠠ ᠨᠢ᠃        ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠶᠠᠩ ᠰᠡᠭᠦᠳᠡᠷᠯᠡᠪᠡ        ᠰᠢ ᠶᠢᠨ ᠫᠢᠩ᠂ ᠳᠤᠮᠳᠠᠳᠤ ᠶᠢᠨ ᠲᠠᠯ᠎ᠠ ᠶᠢᠨ ᠬᠢᠨ ᠢᠮᠠᠭᠲᠠ ᠪᠠᠶᠢᠯᠳᠤᠬᠤ ᠪᠣᠳᠣᠯᠭ᠎ᠠ ᠶᠢᠨ ᠲᠠᠯ᠎ᠠ ᠠᠴᠠ ᠳᠤᠮᠳᠠᠳᠤ ᠫᠠᠺᠢᠰᠲ᠋ᠠᠨ ᠤ ᠬᠠᠷᠢᠯᠴᠠᠭ᠎ᠠ ᠳᠤ ᠬᠠᠨᠳᠤᠵᠤ᠂ ᠫᠠᠺᠢᠰᠲ᠋ᠠᠨ ᠯᠤᠭ᠎ᠠ ᠶᠢᠨ ᠨᠥᠭᠦᠷᠰᠡᠭ ᠲᠦᠷᠦ ᠶᠢᠨ ᠪᠣᠳᠣᠯᠭ᠎ᠠ ᠶᠢᠨ ᠳᠡᠭᠡᠳᠦ ᠬᠡᠮᠵᠢᠶᠡᠨ ᠤ ᠲᠣᠭᠲᠠᠭᠤᠨ ᠴᠢᠨᠠᠷ ᠪᠣᠯᠣᠨ ᠦᠷᠭᠦᠯᠵᠢᠯᠡᠬᠦ ᠴᠢᠨᠠᠷ ᠢ ᠪᠠᠲᠤᠯᠠᠵᠤ᠂ ᠢᠮᠠᠭᠲᠠ ᠫᠠᠺᠢᠰᠲ᠋ᠠᠨ ᠤ ᠪᠦᠭᠦ ᠠᠷᠠᠳ ᠲᠦᠮᠡᠨ ᠳᠤ ᠬᠠᠨᠳᠤᠭᠰᠠᠭᠠᠷ ᠢᠷᠡᠪᠡ᠃ ᠳᠤᠮᠳᠠᠳᠤ ᠶᠢᠨ ᠲᠠᠯ᠎ᠠ ᠶᠢᠨ ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠫᠠᠺᠢᠰᠲ᠋ᠠᠨ ᠤ ᠡᠷᠬᠡ ᠮᠡᠳᠡᠯ᠂ ᠲᠤᠰᠠᠭᠠᠷ ᠲᠣᠭᠲᠠᠨᠢᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠪᠠᠨ ᠬᠠᠮᠠᠭᠠᠯᠠᠵᠤ᠂ ᠰᠦᠷᠳᠡᠭᠦᠯᠬᠦ ᠦᠵᠡᠯ ᠳᠤ ᠴᠣᠬᠢᠯᠲᠠ ᠥᠭᠬᠦ ᠵᠢᠴᠢ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠡᠷᠡᠰ ᠲᠡᠮᠵᠢᠨ᠎ᠠ᠃ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠣᠯᠣᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠡᠯ᠎ᠡ ᠱᠠᠲᠤ ᠳᠠᠪᠬᠤᠷᠭ᠎ᠠ ᠡᠯ᠎ᠡ ᠰᠠᠯᠠᠭ᠎ᠠ ᠮᠥᠴᠢᠷ ᠤᠨ ᠶᠠᠪᠤᠯᠴᠠᠭ᠎ᠠ ᠪᠠᠨ ᠴᠢᠩᠭᠠᠳᠬᠠᠵᠤ᠂ ᠳᠤᠮᠳᠠᠳᠤ ᠫᠠᠺᠢᠰᠲ᠋ᠠᠨ ᠤ ᠬᠠᠷᠢᠯᠴᠠᠭᠠᠨ ᠤ ᠤᠯᠤᠰ ᠲᠦᠷᠦ ᠶᠢᠨ ᠰᠠᠭᠤᠷᠢ ᠶᠢ ᠲᠠᠰᠤᠷᠠᠯᠳᠡ ᠦᠭᠡᠢ ᠪᠠᠬᠢᠵᠢᠭᠦᠯᠦᠶ᠎ᠡ᠃ ᠫᠠᠺᠢᠰᠲ᠋ᠠᠨ ᠤ ᠬᠢᠨ ᠳᠤᠮᠳᠠᠳᠤ ᠤᠯᠤᠰ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠳᠤᠮᠳᠠ ᠠᠴᠠ ᠤᠷᠢᠳ ᠢᠶᠠᠷ ᠠᠰᠢᠭ ᠭᠦᠷᠳᠡᠭᠦ ᠶᠢ ᠪᠠᠶᠠᠷᠯᠠᠨ ᠤᠭᠲᠤᠵᠤ ᠪᠠᠶᠢᠨ᠎ᠠ᠂ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠫᠠᠺᠢᠰᠲ᠋ᠠᠨ ᠤ ᠲᠠᠯ᠎ᠠ ᠶᠢᠨ ᠬᠢᠨ ᠲᠠᠢ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠫᠠᠺᠢᠰᠲ᠋ᠠᠨ ᠤ ᠠᠵᠤ ᠠᠬᠤᠢ ᠶᠢᠨ ᠬᠤᠩᠭᠢᠯ ᠤᠨ ᠬᠠᠮᠲᠤᠷᠠᠯᠴᠠᠭ᠎ᠠ ᠶᠢᠨ ︽ᠳᠡᠰ ᠳᠡᠪᠰᠢᠭᠰᠡᠨ ᠵᠠᠭᠪᠤᠷ︾ ᠢ ᠬᠠᠮᠲᠤ ᠪᠠᠷ ᠴᠣᠭᠴᠠᠯᠠᠵᠤ᠂ ᠫᠠᠺᠢᠰᠲ᠋ᠠᠨ ᠤ ᠲᠠᠯ᠎ᠠ ᠶᠢᠨ ᠬᠢᠨ ᠢ ᠬᠠᠪᠰᠤᠷᠤᠨ ᠬᠥᠭᠵᠢᠯᠲᠡ ᠶᠢᠨ ᠰᠠᠭᠤᠷᠢ ᠶᠢ ᠪᠠᠲᠤᠳᠬᠠᠵᠤ᠂ ᠬᠥᠭᠵᠢᠯᠲᠡ ᠶᠢᠨ ᠳᠠᠯᠳᠠ ᠬᠦᠴᠦᠨ ᠢ ᠪᠠᠳᠠᠷᠠᠭᠤᠯᠤᠨ᠎ᠠ᠃ ᠫᠠᠺᠢᠰᠲ᠋ᠠᠨ ᠤ ᠲᠠᠯ᠎ᠠ ᠶᠢᠨ ᠬᠢᠨ ᠫᠠᠺᠢᠰᠲ᠋ᠠᠨ ᠳᠤ ᠪᠠᠶᠢᠭ᠎ᠠ ᠳᠤᠮᠳᠠᠳᠤ ᠤᠯᠤᠰ ᠤᠨ ᠬᠥᠮᠥᠰ᠂ ᠲᠦᠷᠦᠯ ᠵᠦᠢᠯ ᠪᠣᠯᠣᠨ ᠪᠠᠶᠢᠭᠤᠯᠤᠮᠵᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠴᠢᠩᠭᠠᠳᠬᠠᠵᠤ᠂ ᠬᠤᠶᠠᠷ ᠲᠠᠯ᠎ᠠ ᠶᠢᠨ ᠤᠯᠠᠨ ᠲᠠᠯᠠᠲᠤ ᠰᠦᠷᠳᠡᠭᠦᠯᠦᠯ ᠢ ᠡᠰᠡᠷᠭᠦᠴᠡᠬᠦ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ᠃ ᠢᠷᠡᠬᠦ ᠵᠢᠯ ᠪᠣᠯ ᠳᠤᠮᠳᠠᠳᠤ ᠫᠠᠺᠢᠰᠲ᠋ᠠᠨ ᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠣᠯᠣᠨ᠎ᠠ᠂ ᠬᠤᠶᠠᠷ ᠲᠠᠯ᠎ᠠ ᠪᠠᠷ ᠢᠶᠠᠨ ᠰᠣᠶᠣᠯ᠂ ᠰᠤᠷᠭᠠᠨ ᠬᠥᠮᠦᠵᠢᠯ᠂ ᠵᠠᠭᠤᠴᠢᠯᠠᠭᠤᠷ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠫᠠᠺᠢᠰᠲ᠋ᠠᠨ ᠤ ᠨᠥᠬᠦᠷᠯᠡᠯ ᠢ ᠦᠶ᠎ᠡ ᠶᠢᠨ ᠦᠶ᠎ᠡ ᠳᠤ ᠤᠯᠠᠮᠵᠢᠯᠠᠶ᠎ᠠ᠃ ᠳᠤᠮᠳᠠᠳᠤ ᠶᠢᠨ ᠲᠠᠯ᠎ᠠ ᠶᠢᠨ ᠬᠢᠨ ᠫᠠᠺᠢᠰᠲ᠋ᠠᠨ ᠤ ᠲᠠᠯ᠎ᠠ ᠶᠢᠨ ᠬᠢᠨ ᠤ ᠪᠦᠭᠦ ᠪᠥᠮᠪᠥᠷᠴᠡᠭ ᠤᠨ ᠭᠤᠷᠪᠠᠨ ᠶᠡᠭᠡ ᠰᠠᠨᠠᠭᠠᠴᠢᠯᠠᠭ᠎ᠠ ᠶᠢ ᠢᠳᠡᠪᠬᠢᠲᠡᠢ ᠳᠡᠮᠵᠢᠬᠦ ᠶᠢ ᠮᠠᠭᠲᠠᠨ ᠰᠠᠶᠢᠰᠢᠶᠠᠵᠤ ᠪᠠᠶᠢᠬᠤ ᠶᠢᠨ ᠬᠠᠮᠲᠤ ᠬᠤᠯᠪᠣᠭᠳᠠᠯ ᠪᠦᠬᠦᠢ ᠬᠠᠮᠲᠤᠷᠠᠯᠴᠠᠭ᠎ᠠ ᠳᠤ ᠣᠷᠣᠯᠴᠠᠵᠤ᠂ ᠳᠤᠷᠠᠲᠠᠶ᠎ᠠ ᠫᠠᠺᠢᠰᠲ᠋ᠠᠨ ᠤ ᠲᠠᠯ᠎ᠠ ᠶᠢᠨ ᠬᠢᠨ ᠲᠠᠢ ᠬᠠᠮᠲᠤ ᠪᠠᠷ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠪᠠᠷᠢᠮᠲᠠᠯᠠᠵᠤ᠂ ᠭᠠᠭᠴᠠ ᠲᠠᠯ᠎ᠠ ᠶᠢᠨ ᠦᠵᠡᠯ ᠪᠣᠯᠣᠨ ᠡᠵᠡᠷᠬᠡᠬᠦ ᠠᠵᠢᠯᠯᠠᠭ᠎ᠠ ᠶᠢ ᠡᠰᠡᠷᠭᠦᠴᠡᠨ ᠬᠤᠷᠢᠭᠯᠠᠵᠤ᠂ ᠤᠯᠠᠨ ᠲᠠᠯ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠴᠢᠬᠤᠯᠠᠴᠢᠯᠠᠪᠠ᠃    
6.JPG
        2 ᠰᠠᠷ᠎ᠠ ᠶᠢᠨ 5 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠫᠠᠺᠢᠰᠲ᠋ᠠᠨ ᠤ ᠶᠡᠷᠦᠩᠬᠡᠶᠢᠯᠡᠭᠴᠢ ᠵᠠᠷᠳᠠᠯᠢ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠵᠠᠷᠳᠠᠯᠢ ᠶᠢ ᠤᠭᠲᠤᠬᠤ ᠶᠣᠰᠣᠯᠠᠯ ᠶᠠᠪᠤᠭᠤᠯᠵᠤ ᠪᠠᠶᠢᠭ᠎ᠠ ᠨᠢ᠃        ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠱᠧᠨ ᠬᠤᠩ ᠰᠡᠭᠦᠳᠡᠷᠯᠡᠪᠡ     
7.JPG
        2 ᠰᠠᠷ᠎ᠠ ᠶᠢᠨ 5 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠫᠠᠺᠢᠰᠲ᠋ᠠᠨ ᠤ ᠶᠡᠷᠦᠩᠬᠡᠶᠢᠯᠡᠭᠴᠢ ᠵᠠᠷᠳᠠᠯᠢ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠵᠠᠷᠳᠠᠯᠢ ᠶᠢ ᠤᠭᠲᠤᠬᠤ ᠶᠣᠰᠣᠯᠠᠯ ᠶᠠᠪᠤᠭᠤᠯᠵᠤ ᠪᠠᠶᠢᠭ᠎ᠠ ᠨᠢ᠃        ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ        ᠵᠠᠷᠳᠠᠯᠢ᠂ ᠫᠠᠺᠢᠰᠲ᠋ᠠᠨ ᠪᠣᠯᠣᠨ ᠳᠤᠮᠳᠠᠳᠤ ᠤᠯᠤᠰ ᠪᠣᠯ ᠳᠣᠲᠣᠨᠣ ᠬᠥᠷᠰᠢ᠂ ᠨᠡᠩ ᠴᠦ ᠥᠨᠢᠳᠡ ᠶᠢᠨ ᠰᠠᠶᠢᠨ ᠨᠠᠶᠢᠵᠠ᠂ ᠰᠠᠶᠢᠨ ᠬᠠᠨᠢᠲᠠᠨ ᠮᠥᠨ᠃ ᠫᠠᠺᠢᠰᠲ᠋ᠠᠨ ᠳᠤᠮᠳᠠᠳᠤ ᠶᠢᠨ ᠨᠥᠬᠦᠷᠯᠡᠯ ᠰᠠᠯᠬᠢ ᠪᠣᠷᠣᠭᠠᠨ ᠢ ᠲᠤᠭᠤᠯᠵᠥ᠂ ᠬᠤᠶᠠᠷ ᠤᠯᠤᠰ ᠤᠨ ᠠᠷᠠᠳ ᠲᠦᠮᠡᠨ ᠤ ᠰᠡᠳᠬᠢᠯ ᠢᠮᠠᠭᠲᠠ ᠨᠢᠭᠲᠠ ᠬᠤᠯᠪᠣᠯᠳᠤᠵᠤ ᠪᠠᠶᠢᠳᠠᠭ ᠶᠤᠮ᠃ ᠪᠠᠶᠢᠳᠠᠯ ᠶᠠᠭᠠᠬᠢᠵᠤ ᠬᠤᠪᠢᠷᠠᠭᠰᠠᠨ ᠴᠤ ᠫᠠᠺᠢᠰᠲ᠋ᠠᠨ ᠤ ᠬᠢᠨ ᠡᠷᠡᠰ ᠭᠤᠶᠢᠪᠢᠰᠢ ᠦᠭᠡᠢ ᠪᠠᠷ ᠳᠤᠮᠳᠠᠳᠤ ᠤᠯᠤᠰ ᠲᠠᠢ ᠬᠠᠮᠲᠤ ᠵᠣᠭᠰᠣᠨ᠎ᠠ᠃ ᠫᠠᠺᠢᠰᠲ᠋ᠠᠨ ᠤ ᠬᠢᠨ ᠳᠤᠮᠳᠠᠳᠤ ᠶᠢᠨ ᠬᠢᠨ ᠤ ᠫᠠᠺᠢᠰᠲ᠋ᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠠᠷᠠᠮ ᠦᠭᠡᠢ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠂ ᠳᠤᠷᠠᠲᠠᠶ᠎ᠠ ᠳᠤᠮᠳᠠᠳᠤ ᠤᠯᠤᠰ ᠤᠨ ᠠᠮᠵᠢᠯᠲᠠ ᠲᠠᠢ ᠲᠤᠷᠰᠢᠯᠭ᠎ᠠ ᠶᠢ ᠰᠤᠷᠤᠯᠴᠠᠵᠤ᠂ ᠳᠤᠮᠳᠠᠳᠤ ᠫᠠᠺᠢᠰᠲ᠋ᠠᠨ ᠤ ᠠᠵᠤ ᠠᠬᠤᠢ ᠶᠢᠨ ᠬᠤᠩᠭᠢᠯ ᠪᠣᠯᠣᠨ ᠡᠯ᠎ᠡ ᠬᠦᠷᠢᠶᠡᠨ ᠳᠠᠬᠢ ᠬᠠᠮᠲᠤᠷᠠᠯᠴᠠᠭᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠫᠠᠺᠢᠰᠲ᠋ᠠᠨ ᠤ ᠠᠵᠤ ᠦᠢᠯᠡᠳᠪᠦᠷᠢᠵᠢᠯᠲᠡ ᠪᠣᠯᠣᠨ ᠣᠳᠣᠬᠢᠴᠢᠯᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃ ᠲᠡᠷᠢᠭᠦᠯᠡᠭᠴᠢ ᠰᠢ ᠶᠢᠨ ᠫᠢᠩ ᠤᠨ ᠰᠣᠳᠣ ᠮᠡᠷᠭᠡᠨ ᠵᠢᠯᠣᠭᠤᠳᠤᠯᠭ᠎ᠠ ᠳᠣᠣᠷ᠎ᠠ ᠳᠤᠮᠳᠠᠳᠤ ᠤᠯᠤᠰ ᠳᠡᠯᠡᠬᠡᠢ ᠶᠢᠨ ᠬᠡᠷᠡᠭ ᠶᠠᠪᠤᠳᠠᠯ ᠳᠤ ᠤᠯᠠᠮ ᠠᠴᠠ ᠤᠯᠠᠮ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠵᠦ᠂ ᠡᠳᠦᠷ ᠢᠷᠡᠬᠦᠶ᠎ᠡ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ᠂ ᠬᠥᠭᠵᠢᠯ ᠴᠡᠴᠡᠭᠯᠡᠯ ᠢ ᠬᠠᠮᠠᠭᠠᠯᠠᠬᠤ ᠴᠢᠬᠤᠯᠠ ᠬᠦᠴᠦᠨ ᠪᠣᠯᠪᠠ᠃ ᠫᠠᠺᠢᠰᠲ᠋ᠠᠨ ᠤ ᠬᠢᠨ ᠳᠤᠷᠠᠲᠠᠶ᠎ᠠ ᠳᠤᠮᠳᠠᠳᠤ ᠤᠯᠤᠰ ᠲᠠᠢ ᠨᠢᠭᠲᠠ ᠬᠠᠮᠵᠢᠯᠴᠠᠵᠤ᠂ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠴᠢᠯᠦᠭᠡᠲᠦ ᠠᠷᠠᠯᠵᠢᠶ᠎ᠠ ᠶᠢ ᠬᠠᠮᠠᠭᠠᠯᠠᠵᠤ᠂ ᠬᠤᠶᠠᠷ ᠤᠯᠤᠰ ᠪᠣᠯᠣᠨ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠬᠠᠮᠲᠤ ᠶᠢᠨ ᠠᠰᠢᠭ ᠲᠤᠰᠠ ᠶᠢ ᠠᠬᠢᠭᠤᠯᠤᠨ᠎ᠠ ᠭᠡᠵᠦ ᠢᠯᠡᠳᠬᠡᠪᠡ᠃    
8.JPG
        2 ᠰᠠᠷ᠎ᠠ ᠶᠢᠨ 5 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠫᠠᠺᠢᠰᠲ᠋ᠠᠨ ᠤ ᠶᠡᠷᠦᠩᠬᠡᠶᠢᠯᠡᠭᠴᠢ ᠵᠠᠷᠳᠠᠯᠢ ᠲᠠᠢ ᠬᠡᠯᠡᠯᠴᠡᠭᠡ ᠬᠢᠪᠡ᠃        ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠱᠧᠨ ᠬᠤᠩ ᠰᠡᠭᠦᠳᠡᠷᠯᠡᠪᠡ        ᠬᠡᠯᠡᠯᠴᠡᠭᠡ ᠲᠡᠭᠦᠰᠦᠭᠰᠡᠨ ᠤ ᠳᠠᠷᠠᠭ᠎ᠠ᠂ ᠬᠤᠶᠠᠷ ᠤᠯᠤᠰ ᠤᠨ ᠲᠡᠷᠢᠭᠦᠨ ᠳᠤᠮᠳᠠᠳᠤ ᠫᠠᠺᠢᠰᠲ᠋ᠠᠨ ᠤ ᠠᠵᠤ ᠠᠬᠤᠢ ᠶᠢᠨ ᠬᠤᠩᠭᠢᠯ ᠢ ᠬᠠᠮᠲᠤ ᠪᠠᠷ ᠪᠦᠲᠦᠭᠡᠨ ᠪᠠᠶᠢᠭᠤᠯᠬᠤ᠂ ᠠᠷᠠᠯᠵᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠷᠠᠳᠢᠣ᠋ ᠲᠧᠯᠸᠢᠰ ᠵᠡᠷᠭᠡ ᠬᠦᠷᠢᠶᠡᠨ ᠳᠠᠬᠢ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃        ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠵᠠᠷᠳᠠᠯᠢ ᠶᠢ ᠤᠭᠲᠤᠬᠤ ᠶᠣᠰᠣᠯᠠᠯ ᠶᠠᠪᠤᠭᠤᠯᠪᠠ᠃        ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ᠂ ᠶᠣᠰᠣᠯᠠᠯ ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠫᠠᠺᠢᠰᠲ᠋ᠠᠨ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠵᠠᠷᠳᠠᠯᠢ ᠰᠢ ᠶᠢᠨ ᠫᠢᠩ ᠤᠨ ᠪᠠᠷ᠎ᠠ ᠪᠤᠯᠤᠯᠭ᠎ᠠ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃        ᠲᠤᠰ ᠣᠷᠣᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠲᠢᠩᠬᠢᠮ ᠳᠤ ᠵᠠᠷᠳᠠᠯᠢ ᠶᠢ ᠤᠭᠲᠤᠬᠤ ᠳᠠᠶᠢᠯᠠᠯᠭ᠎ᠠ ᠬᠢᠪᠡ᠃        ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠪᠠ᠃       
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号