ᠰᠢ ᠶᠢᠨ ᠫᠢᠩ ᠪᠷᠦ᠋ᠨ᠋ᠸᠢ ᠶᠢᠨ ᠰᠦᠳᠠᠨ ᠬᠠᠰᠠᠩᠨᠠᠷ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2025/2/7
        ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 6 ᠤ ᠴᠠᠭᠢᠯᠭᠠᠨ ᠮᠡᠳᠡᠭᠡ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ᠄ ᠱᠤᠤ ᠢ ᠪᠦᠸᠧ ᠳ᠋ᠦᠩ ᠰᠢᠤᠸᠠᠢ︶ 2 ᠰᠠᠷ᠎ᠠ ᠶᠢᠨ 6 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠪᠷᠦ᠋ᠨ᠋ᠸᠢ ᠶᠢᠨ ᠰᠦᠳᠠᠨ ᠬᠠᠰᠠᠩᠨᠠᠷ ᠲᠠᠢ ᠬᠡᠯᠡᠯᠴᠡᠭᠡ ᠬᠢᠪᠡ᠃  
习近平同文莱苏丹.jpg
        2 ᠰᠠᠷ᠎ᠠ ᠶᠢᠨ 6 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠪᠷᠥ᠋ᠨ᠋ᠸᠢ ᠶᠢᠨ ᠰᠦᠳᠠᠨ ᠬᠠᠰᠠᠩᠨᠠᠷ ᠲᠠᠢ ᠬᠡᠯᠡᠯᠴᠡᠭᠡ ᠬᠢᠪᠡ᠃ ᠵᠢᠷᠤᠭ ᠪᠣᠯ ᠰᠢ ᠶᠢᠨ ᠫᠢᠩ ᠬᠠᠰᠠᠩᠨᠠᠷ ᠲᠠᠢ ᠭᠠᠷ ᠠᠳᠬᠤᠵᠤ ᠪᠠᠶᠢᠭ᠎ᠠ ᠨᠢ᠃        ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ        ᠰᠢ ᠶᠢᠨ ᠫᠢᠩ᠂ ᠳᠤᠮᠳᠠᠳᠤ ᠪᠷᠦ᠋ᠨ᠋ᠸᠢ ᠶᠢᠨ ᠤᠯᠠᠮᠵᠢᠯᠠᠯᠲᠤ ᠨᠥᠬᠦᠷᠯᠡᠯ ᠥᠨᠢ ᠤᠳᠠᠭᠠᠨ ᠲᠡᠦᠬᠡ ᠲᠠᠢ ᠶᠤᠮ᠃ ᠬᠠᠷᠢᠯᠴᠠᠭ᠎ᠠ ᠪᠠᠶᠢᠭᠤᠯᠤᠭᠰᠠᠨ 30 ᠭᠠᠷᠤᠢ ᠵᠢᠯ ᠤᠨ ᠲᠤᠷᠰᠢ᠂ ᠬᠤᠶᠠᠷ ᠲᠠᠯ᠎ᠠ ᠪᠠᠷ ᠢᠶᠠᠨ ᠤᠯᠤᠰ ᠲᠥᠷᠥ ᠶᠢᠨ ᠢᠲᠡᠭᠡᠯᠴᠡᠭᠡ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠᠨ ᠢᠳᠡᠪᠬᠢᠲᠡᠢ ᠵᠣᠯᠭᠠᠭᠤᠯᠵᠤ᠂ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠣᠯᠵᠤ᠂ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠤᠨ ᠳᠤᠮᠳᠠ ᠰᠠᠶᠢᠨ ᠰᠠᠶᠢᠬᠠᠨ ᠬᠠᠮᠵᠢᠯᠴᠠᠭ᠎ᠠ ᠪᠠᠨ ᠪᠠᠲᠤᠯᠠᠵᠤ᠂ ᠶᠡᠭᠡ ᠪᠠᠭ᠎ᠠ ᠤᠯᠤᠰ ᠲᠤ ᠡᠷᠬᠡ ᠲᠡᠭᠰᠢ ᠪᠠᠷ ᠬᠠᠨᠳᠤᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠬᠡᠪ ᠳᠠᠭᠤᠷᠢᠶᠠᠯ ᠢ ᠪᠤᠶ ᠪᠤᠯᠭᠠᠬᠰᠠᠨ ᠪᠥᠭᠡᠳ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠪᠠ ᠬᠥᠭᠵᠢᠯ ᠴᠡᠴᠡᠭᠯᠡᠯ ᠳᠤ ᠢᠳᠡᠪᠬᠢ ᠬᠤᠪᠢ ᠨᠡᠮᠡᠷᠢ ᠦᠵᠡᠭᠦᠯᠪᠡ᠃ ᠳᠤᠮᠳᠠᠳᠤ ᠤᠯᠤᠰ ᠪᠣᠯᠣᠨ ᠪᠷᠦ᠋ᠨ᠋ᠸᠢ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠨᠢ ᠴᠠᠭ ᠦᠶ᠎ᠡ ᠶᠢᠨ ᠬᠥᠭᠵᠢᠯᠲᠡ ᠶᠢᠨ ᠶᠡᠭᠡ ᠬᠠᠨᠳᠤᠰᠢ ᠳᠤ ᠵᠣᠬᠢᠴᠠᠵᠤ᠂ ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠳᠤ ᠨᠡᠶᠢᠴᠡᠵᠦ᠂ ᠬᠤᠶᠠᠷ ᠤᠯᠤᠰ ᠤᠨ ᠬᠠᠷᠢᠯᠴᠠᠭ᠎ᠠ ᠶᠢᠨ ᠴᠣ ᠰᠢᠨ᠎ᠡ ᠬᠠᠭᠤᠳᠠᠰᠤ ᠶᠢ ᠰᠡᠬᠦᠪᠡ᠃ ᠬᠤᠶᠠᠷ ᠲᠠᠯ᠎ᠠ ᠪᠠᠷ ᠢᠶᠠᠨ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠣᠯᠣᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠦ᠂ ᠬᠠᠷᠢᠯᠴᠠᠨ ᠭᠦᠨᠳᠦᠳᠭᠡᠵᠦ᠂ ᠦᠨᠡᠨᠴᠢ ᠢᠲᠡᠭᠡᠮᠵᠢᠲᠡᠢ ᠬᠠᠷᠢᠯᠴᠠᠨ ᠢᠲᠡᠭᠡᠯᠴᠡᠵᠦ᠂ ᠡᠭᠦᠷᠢᠳᠡ ᠲᠠᠯᠠᠢ ᠠᠯᠤᠰᠯᠠᠭᠰᠠᠨ ᠰᠠᠶᠢᠨ ᠬᠥᠷᠰᠢ᠂ ᠬᠠᠷᠢᠯᠴᠠᠨ ᠢᠲᠡᠭᠡᠯᠴᠡᠭᠰᠡᠨ ᠰᠠᠶᠢᠨ ᠨᠠᠶᠢᠵᠠ᠂ ᠬᠠᠮᠲᠤ ᠪᠠᠷ ᠬᠥᠭᠵᠢᠭᠰᠡᠨ ᠰᠠᠶᠢᠨ ᠬᠠᠨᠢᠲᠠᠨ ᠪᠣᠯᠣᠶ᠎ᠠ ᠭᠡᠵᠦ ᠵᠢᠭᠠᠵᠤ ᠭᠠᠷᠭᠠᠪᠠ᠃        ᠰᠢ ᠶᠢᠨ ᠫᠢᠩ᠂ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠪᠷᠦ᠋ᠨ᠋ᠸᠢ ᠶᠢᠨ ᠲᠠᠯ᠎ᠠ ᠶᠢᠨ ᠬᠢᠨ ᠲᠠᠢ ᠤᠯᠤᠰ ᠤᠨ ᠬᠥᠭᠵᠢᠯᠲᠡ ᠶᠢᠨ ᠵᠠᠮ ᠳᠡᠭᠡᠷ᠎ᠡ ᠭᠠᠷ ᠬᠤᠯᠪᠣᠨ ᠤᠷᠤᠭᠰᠢᠯᠠᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠦᠨ᠎ᠡ᠃ ᠬᠤᠶᠠᠷ ᠲᠠᠯ᠎ᠠ ᠪᠠᠷ ᠢᠶᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠪᠷᠦ᠋ᠨ᠋ᠸᠢ ᠶᠢᠨ ︽2035 ᠠᠤᠭ᠎ᠠ ᠬᠦᠰᠡᠯᠡᠩ︾ ᠤᠨ ᠪᠠᠶᠢᠯᠳᠤᠬᠤ ᠪᠣᠳᠣᠯᠭ᠎ᠠ ᠲᠠᠢ ᠵᠣᠯᠭᠠᠭᠤᠯᠬᠤ ᠶᠢ ᠴᠢᠩᠭᠠᠳᠬᠠᠵᠤ᠂ ᠭᠤᠸᠠᠩᠰᠢ — ᠪᠷᠦ᠋ᠨ᠋ᠸᠢ ᠶᠢᠨ ᠠᠵᠤ ᠠᠬᠤᠢ ᠶᠢᠨ ᠬᠤᠩᠭᠢᠯ᠂ ᠾᠧᠩ ᠢ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠬᠤᠶᠠᠷ ᠳᠠᠭᠠᠭᠤᠯᠤᠭᠴᠢ ᠲᠦᠷᠦᠯ ᠵᠦᠢᠯ ᠢ ᠠᠬᠢᠭᠤᠯᠵᠤ᠂ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠵᠡᠭᠦᠨ ᠬᠡᠰᠡᠭ ᠤᠨ ᠨᠡᠮᠡᠭᠳᠡᠯ ᠤᠨ ᠣᠷᠣᠨ ᠪᠣᠯᠣᠨ ︽ᠡᠬᠡ ᠬᠠᠭᠤᠷᠠᠢ ᠳᠠᠯᠠᠢ ᠲᠠᠩᠭᠢᠰ ᠤᠨ ᠰᠢᠨ᠎ᠡ ᠵᠠᠮ︾ ᠤᠨ ᠬᠤᠣᠰ ᠬᠦᠢᠰᠦ ᠶᠢ ᠪᠠᠶᠢᠭᠤᠯᠤᠶ᠎ᠠ᠃ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠨᠡᠩ ᠤᠯᠠᠨ ᠠᠵᠤ ᠠᠬᠤᠶᠢᠯᠠᠯ ᠤᠨ ᠪᠷᠦ᠋ᠨ᠋ᠸᠢ ᠳᠤ ᠬᠦᠷᠴᠦ ᠪᠡᠯᠡ ᠣᠷᠣᠭᠤᠯᠤᠨ ᠦᠢᠯᠡᠰ ᠪᠣᠰᠬᠠᠬᠤ ᠶᠢ ᠵᠣᠷᠢᠭᠵᠢᠭᠤᠯᠵᠤ᠂ ᠪᠷᠦ᠋ᠨ᠋ᠸᠢ ᠶᠢᠨ ᠲᠣᠭᠠᠴᠢᠯᠠᠭᠰᠠᠨ ᠠᠵᠤ ᠠᠬᠤᠢ᠂ ᠵᠣᠬᠢᠶᠠᠮᠠᠯ ᠣᠶᠤᠨ ᠴᠢᠳᠠᠪᠤᠷᠢ᠂ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠬᠦ ᠶᠢ ᠳᠡᠮᠵᠢᠵᠦ᠂ ᠪᠷᠦ᠋ᠨ᠋ᠸᠢ ᠶᠢᠨ ᠠᠵᠤ ᠠᠬᠤᠢ ᠶᠢᠨ ᠤᠯᠠᠨ ᠡᠰᠢᠵᠢᠯᠲᠡ ᠳᠤ ᠬᠦᠴᠦᠨ ᠨᠡᠮᠡᠷᠢᠯᠡᠨ᠎ᠡ᠃ ᠳᠤᠮᠳᠠᠳᠤ ᠶᠢᠨ ᠲᠠᠯ᠎ᠠ ᠶᠢᠨ ᠬᠢᠨ ᠬᠤᠶᠠᠷ ᠤᠯᠤᠰ ᠤᠨ ᠡᠷᠯᠢᠰᠡᠵᠢᠭᠦᠯᠦᠭᠰᠡᠨ ᠤᠰᠤᠨ ᠲᠤᠲᠤᠷᠭ᠎ᠠ ᠶᠢᠨ ᠰᠤᠳᠤᠯᠭᠠᠨ ᠤ ᠬᠠᠮᠲᠤᠷᠠᠯᠴᠠᠭ᠎ᠠ ᠥᠷᠨᠢᠭᠦᠯᠬᠦ ᠶᠢ ᠳᠡᠮᠵᠢᠵᠤ᠂ ᠪᠷᠦ᠋ᠨ᠋ᠸᠢ ᠶᠢᠨ ᠲᠠᠯ᠎ᠠ ᠶᠢᠨ ᠬᠢᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ᠂ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠦᠵᠡᠰᠭᠦᠯᠡᠩ ᠤᠨ ᠴᠤᠭᠯᠠᠭᠠᠨ ᠵᠡᠷᠭᠡ ᠲᠠᠪᠴᠠᠩ ᠢ ᠰᠠᠶᠢᠲᠤᠷ ᠠᠰᠢᠭᠯᠠᠵᠤ ᠂ ᠴᠢᠨᠠᠷ ᠰᠠᠶᠢᠲᠠᠢ ᠲᠠᠷᠢᠶᠠᠯᠠᠩ ᠵᠢᠭᠠᠰᠤᠨ ᠤ ᠭᠠᠷᠤᠯᠲᠠ ᠪᠠᠨ ᠲᠤᠮᠳᠠᠳᠦ ᠤᠯᠤᠰ ᠲᠤ ᠭᠠᠷᠭᠠᠬᠤ ᠶᠢ ᠥᠷᠭᠡᠳᠬᠡᠨ᠎ᠡ᠃ ᠬᠤᠶᠠᠷ ᠲᠠᠯ᠎ᠠ ᠪᠠᠷ ᠢᠶᠠᠨ ᠰᠣᠶᠣᠯ ᠢᠷᠭᠡᠨᠰᠢᠯ ᠤᠨ ᠰᠣᠯᠢᠯᠴᠠᠭᠠᠨ ᠤ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠰᠤᠷᠭᠠᠨ ᠬᠥᠮᠦᠵᠢᠯ᠂ ᠰᠣᠶᠣᠯ᠂ ᠵᠢᠭᠤᠯᠴᠢᠯᠠᠯ᠂ ᠣᠷᠣᠨ ᠨᠤᠲᠤᠭ᠂ ᠪᠡᠶ᠎ᠡ ᠶᠢᠨ ᠲᠠᠮᠢᠷ ᠤᠨ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠡᠷᠬᠡ ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ ᠤᠯᠠᠨ ᠲᠦᠢᠯᠵᠢᠯᠲᠡ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠬᠠᠮᠲᠤ ᠪᠠᠷ ᠠᠬᠢᠭᠤᠯᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠳᠡᠯᠡᠬᠡᠢ ᠶᠢᠨ ᠪᠠ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠦᠶ᠎ᠡ ᠭᠡᠵᠦ ᠴᠢᠬᠤᠯᠠᠴᠢᠯᠠᠪᠠ᠃        ᠬᠠᠰᠠᠩᠨᠠᠷ ᠲᠡᠷᠢᠭᠦᠯᠡᠭᠴᠢ ᠰᠢ ᠶᠢᠨ ᠫᠢᠩ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠳᠤ ᠮᠣᠭᠠᠢ ᠵᠢᠯ ᠤᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃ ᠬᠠᠰᠠᠩᠨᠠᠷ᠂ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ ᠠᠵᠤ ᠠᠬᠤᠢ ᠶᠢᠨ ᠦᠷᠭᠦᠯᠵᠢᠯᠡᠭᠰᠡᠨ ᠲᠦᠷᠭᠡᠨ ᠨᠡᠮᠡᠭᠳᠡᠯ ᠢ ᠪᠠᠲᠤᠯᠠᠵᠤ᠂ ᠬᠡᠳᠦᠨ ᠳ᠋ᠦᠩᠰᠢᠭᠤᠷ ᠬᠥᠮᠥᠨ ᠢ ᠶᠠᠳᠠᠭᠤ ᠠᠴᠠ ᠠᠩᠭᠢᠵᠢᠷᠠᠭᠤᠯᠤᠭᠰᠠᠨ ᠨᠢ ᠶᠡᠷᠦ ᠪᠤᠰᠤ ᠶᠢᠨ ᠠᠮᠵᠢᠯᠲᠠ ᠪᠣᠯᠣᠨ᠎ᠠ᠃ ᠳᠤᠮᠳᠠᠳᠤ ᠤᠯᠤᠰ ᠭᠤᠷᠪᠠᠨ ᠶᠡᠭᠡ ᠪᠦᠭᠦ ᠪᠥᠮᠪᠥᠷᠴᠡᠭ ᠤᠨ ᠰᠠᠨᠠᠭᠠᠴᠢᠯᠠᠭ᠎ᠠ ᠶᠢ ᠳᠤᠷᠠᠳᠴᠤ᠂ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ᠂ ᠬᠥᠭᠵᠢᠯᠲᠡ ᠳᠤ ᠵᠠᠩᠭᠢᠯᠠᠭ᠎ᠠ ᠶᠢᠨ ᠦᠢᠯᠡᠳᠦᠯ ᠦᠵᠡᠭᠦᠯᠵᠦ᠂ ᠬᠠᠷᠢᠭᠤᠴᠠᠯᠭ᠎ᠠ ᠲᠠᠢ ᠲᠣᠮᠣ ᠤᠯᠤᠰ ᠤᠨ ᠡᠭᠦᠷᠭᠡᠯᠡᠯ ᠢ ᠢᠯᠡᠷᠡᠭᠦᠯᠪᠡ᠃ ᠪᠷᠦ᠋ᠨ᠋ᠸᠢ ᠪᠣᠯᠣᠨ ᠳᠤᠮᠳᠠᠳᠤ ᠤᠯᠤᠰ ᠢᠮᠠᠭᠲᠠ ᠬᠠᠷᠢᠯᠴᠠᠨ ᠭᠦᠨᠳᠦᠳᠭᠡᠵᠦ᠂ ᠬᠠᠷᠢᠯᠴᠠᠨ ᠢᠲᠡᠭᠡᠯᠴᠡᠵᠦ᠂ ᠬᠤᠶᠠᠷ ᠤᠯᠤᠰ ᠤᠨ ᠬᠠᠷᠢᠯᠴᠠᠭ᠎ᠠ ᠦᠷᠭᠦᠯᠵᠢᠯᠡᠨ ᠬᠥᠭᠵᠢᠵᠦ᠂ ᠭᠠᠷ ᠬᠤᠯᠪᠣᠨ ᠪᠷᠦ᠋ᠨ᠋ᠸᠢ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠲᠡᠶᠢᠰᠢ ᠤᠷᠤᠭᠰᠢᠯᠠᠪᠠ᠃ ᠳᠤᠮᠳᠠᠳᠤ ᠤᠯᠤᠰ ᠤᠨ ᠪᠷᠦ᠋ᠨ᠋ᠸᠢ ᠶᠢᠨ ᠠᠵᠤ ᠠᠬᠤᠢ ᠶᠢᠨ ᠤᠯᠠᠨ ᠡᠰᠢᠵᠢᠭᠰᠡᠨ ᠪᠠᠶᠢᠯᠳᠤᠬᠤ ᠪᠣᠳᠣᠯᠭ᠎ᠠ ᠶᠢ ᠳᠡᠮᠵᠢᠭᠰᠡᠨ ᠳᠤ ᠲᠠᠯᠠᠷᠬᠠᠵᠤ ᠪᠠᠶᠢᠨ᠎ᠠ᠂ ᠬᠤᠶᠠᠷ ᠤᠯᠤᠰ ᠤᠨ ᠬᠠᠮᠲᠤᠷᠠᠯᠴᠠᠭ᠎ᠠ ᠨᠢ ᠪᠷᠦ᠋ᠨ᠋ᠸᠢ ᠶᠢᠨ ᠠᠷᠠᠳ ᠲᠦᠮᠡᠨ ᠳᠤ ᠠᠰᠢᠭ ᠬᠦᠷᠲᠡᠭᠡᠪᠡ᠃ ᠪᠷᠦ᠋ᠨ᠋ᠸᠢ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠠᠨ ᠪᠠᠬᠢᠵᠢᠭᠦᠯᠵᠦ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠦᠨ᠎ᠡ᠃ ᠪᠷᠦ᠋ᠨ᠋ᠸᠢ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠤᠰ ᠲᠦᠷᠦ ᠶᠢᠨ ᠢᠲᠡᠭᠡᠯᠴᠡᠭᠡ ᠪᠠᠨ ᠴᠢᠩᠭᠠᠳᠬᠠᠵᠤ᠂ ᠠᠷᠠᠯᠵᠢᠶ᠎ᠠ᠂ ᠬᠥᠳᠡᠭᠡ ᠠᠵᠤ ᠠᠬᠤᠢ᠂ ᠵᠢᠭᠠᠰᠤᠨ ᠤ ᠦᠢᠯᠡᠰ᠂ ᠡᠨᠧᠷᠭᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠠᠬᠢᠭᠤᠯᠤᠨ᠎ᠠ᠃ ᠣᠳᠣᠬᠠᠨ ᠤ ᠳᠡᠯᠡᠬᠡᠢ ᠨᠡᠶᠢᠭᠡᠮ ᠢᠶᠠᠷ ᠢᠶᠠᠨ ᠰᠢᠨ᠎ᠡ ᠪᠤᠳᠤᠯᠢᠶᠠᠨᠲᠠᠢ ᠪᠠᠶᠢᠳᠠᠯ ᠪᠣᠯᠣᠨ ᠥᠷᠢᠰᠦᠯᠳᠦᠭᠡᠨ ᠳᠤ ᠲᠤᠯᠭᠠᠷᠠᠵᠤ ᠪᠠᠶᠢᠭ᠎ᠠ ᠪᠠᠶᠢᠳᠠᠯ ᠳᠣᠣᠷ᠎ᠠ ᠪᠷᠦ᠋ᠨ᠋ᠸᠢ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ ᠂ ᠤᠯᠠᠨ ᠲᠠᠯᠠᠲᠤ ᠦᠵᠡᠯ ᠪᠣᠯᠣᠨ ᠴᠢᠯᠦᠭᠡᠲᠦ ᠠᠷᠠᠯᠵᠢᠶ᠎ᠠ ᠶᠢ ᠪᠠᠷᠢᠮᠲᠠᠯᠠᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠢᠯᠡᠳᠬᠡᠪᠡ᠃        ᠬᠤᠶᠠᠷ ᠲᠠᠯ᠎ᠠ ᠪᠠᠷ ᠢᠶᠠᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠷᠦ᠋ᠨ᠋ᠸᠢ ᠳ᠋ᠠᠷᠤᠰᠠᠯᠠᠮ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠪᠷᠦ᠋ᠨ᠋ᠸᠢ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠪᠡ᠃        ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ᠬᠠᠤᠯᠢ ᠴᠠᠭᠠᠵᠠ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ᠂ ᠠᠵᠤ ᠠᠬᠤᠢ ᠠᠷᠠᠯᠵᠢᠶ᠎ᠠ᠂ ᠵᠠᠭᠤᠴᠢᠯᠠᠭᠤᠷ ᠵᠡᠷᠭᠡ ᠬᠦᠷᠢᠶᠡᠨ ᠳᠠᠬᠢ ᠤᠯᠠᠨ ᠵᠦᠢᠯ ᠤᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃        ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠬᠠᠰᠠᠩᠨᠠᠷ ᠢ ᠤᠭᠲᠤᠬᠤ ᠶᠣᠰᠣᠯᠠᠯ ᠶᠠᠪᠤᠭᠤᠯᠪᠠ᠃        ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ᠂ ᠶᠣᠰᠣᠯᠠᠯ ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠪᠷᠦ᠋ᠨ᠋ᠸᠢ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠬᠠᠰᠠᠩᠨᠠᠷ ᠰᠢ ᠶᠢᠨ ᠫᠢᠩ ᠤᠨ ᠪᠠᠷ᠎ᠠ ᠪᠤᠯᠤᠯᠭ᠎ᠠ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃        ᠲᠤᠰ ᠡᠳᠦᠷ ᠤᠨ ᠦᠳᠡ ᠳᠤ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠲᠢᠩᠬᠢᠮ ᠳᠤ ᠬᠠᠰᠠᠩᠨᠠᠷ ᠢ ᠤᠭᠲᠤᠬᠤ ᠳᠠᠶᠢᠯᠠᠯᠭ᠎ᠠ ᠬᠢᠪᠡ᠃        ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃                
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号