ᠬᠢᠩᠭᠠᠨ ᠠᠶᠢᠮᠠᠭ ︽ᠵᠢᠷᠭᠤᠭᠠᠨ ᠠᠵᠢᠯᠯᠠᠭ᠎ᠠ︾ ᠶᠢ ᠪᠥᠬᠦ ᠬᠦᠴᠦᠨ ᠢᠶᠠᠷ ᠠᠬᠢᠭᠤᠯᠬᠤ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/8
          2 ᠰᠠᠷ᠎ᠠ ᠶᠢᠨ 5 ᠤ ᠡᠳᠦᠷ᠂ ᠴᠠᠭᠠᠨ ᠰᠠᠷ᠎ᠠ ᠶᠢᠨ ᠠᠮᠠᠷᠠᠯᠲᠠ ᠶᠢᠨ ᠳᠠᠷᠠᠭᠠᠬᠢ ᠠᠩᠬᠠᠳᠠᠭᠴᠢ ᠠᠵᠢᠯ ᠤᠨ ᠡᠳᠦᠷ ᠲᠤ᠂ ᠬᠢᠩᠭᠠᠨ ᠠᠶᠢᠮᠠᠭ ︽ᠵᠢᠷᠭᠤᠭᠠᠨ ᠠᠵᠢᠯᠯᠠᠭ᠎ᠠ︾ ᠶᠢ ᠪᠦᠬᠦ ᠬᠦᠴᠦᠨ ᠢᠶᠠᠷ ᠠᠬᠢᠭᠤᠯᠬᠤ ᠲᠠᠶᠢᠴᠢᠯᠠᠯᠳᠠ ᠶᠢᠨ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠰᠦᠬᠡ ᠬᠤᠷᠠᠯ ᠡᠷᠭᠢᠯᠡᠨ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠠᠵᠢᠯ ᠤᠨ ᠪᠠᠶᠢᠷᠢᠯᠠᠭᠤᠯᠤᠯᠲᠠ ᠬᠢᠵᠦ᠂ ᠠᠶᠢᠮᠠᠭ ᠤᠨ ᠤᠳᠤᠷᠢᠳᠤᠯᠭ᠎ᠠ ᠰᠢᠤᠢ ᠵᠦᠸᠧ᠂ ᠶᠠᠩ ᠵᠢᠶ ᠫᠧᠩ ᠨᠠᠷ ᠣᠷᠣᠯᠴᠠᠵᠠᠶ᠃        ᠬᠤᠷᠠᠯ ᠠᠴᠠ᠂ ᠵᠢᠷᠭᠤᠭᠠᠨ ᠠᠵᠢᠯᠯᠠᠭ᠎ᠠ ᠨᠢ ᠲᠠᠪᠤᠨ ᠶᠡᠭᠡ ᠡᠭᠦᠷᠭᠡ ᠲᠠᠢ ᠨᠢᠭᠲᠠ ᠬᠤᠯᠪᠤᠭ᠎ᠠ ᠲᠠᠢ᠂ ᠵᠢᠷᠭᠤᠭᠠᠨ ᠢᠨᠵᠧᠨᠧᠷᠢᠩ ᠲᠠᠢ ᠠᠳᠠᠯᠢ ᠪᠠᠷ ᠢᠮᠠᠭᠲᠠ ᠲᠤᠭᠤᠰᠢᠯᠠᠭᠤᠯᠵᠤ᠂ ᠡᠨᠡ ᠵᠢᠯ ᠤᠨ ᠪᠦᠬᠦ ᠠᠶᠢᠮᠠᠭ ᠤᠨ ᠡᠯ᠎ᠡ ᠵᠦᠢᠯ ᠤᠨ ᠠᠵᠢᠯ ᠤᠨ ᠶᠡᠷᠦᠩᠬᠡᠢ ᠵᠢᠯᠣᠭᠤᠳᠤᠮᠵᠢ ᠮᠥᠨ᠂ ᠪᠢᠳᠡᠨ ᠤ ᠡᠷᠬᠡᠪᠰᠢ ᠰᠠᠶᠢᠲᠤᠷ ᠠᠳᠬᠤᠬᠤ ᠤᠯᠤᠰ ᠲᠦᠷᠦ ᠶᠢᠨ ᠡᠭᠦᠷᠭᠡ᠂ ᠬᠥᠭᠵᠢᠯᠲᠡ ᠶᠢᠨ ᠶᠡᠭᠡ ᠶᠠᠪᠤᠳᠠᠯ᠂ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠠᠶᠢᠮᠠᠭ ᠳᠠᠶᠠᠭᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠢᠷᠭᠤᠭᠠᠨ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠥᠷᠨᠢᠭᠦᠯᠵᠦ᠂ ᠰᠠᠶᠢᠨ ᠡᠬᠢᠯᠡᠯᠲᠡ ᠲᠠᠢ ᠪᠣᠯᠵᠤ᠂ ᠪᠦᠬᠦ ᠵᠢᠯ ᠳᠤ ᠢᠯᠠᠯᠲᠠ ᠣᠯᠬᠤ ᠪᠠᠷ ᠴᠢᠷᠮᠠᠶᠢᠬᠤ ᠬᠡᠷᠡᠭᠲᠡᠶ ᠭᠡᠵᠦ ᠵᠢᠭᠠᠵᠠᠢ᠃        ᠬᠤᠷᠠᠯ ᠠᠴᠠ᠂ ᠵᠢᠷᠭᠤᠭᠠᠨ ᠠᠵᠢᠯᠯᠠᠭ᠎ᠠ ᠶᠢ ᠴᠢᠩᠭ᠎ᠠ ᠠᠳᠬᠤᠵᠤ ᠲᠦᠷᠭᠡᠨ ᠬᠢᠵᠦ ᠰᠠᠶᠢᠲᠤᠷ ᠨᠠᠶᠢᠳᠠᠪᠤᠷᠢᠵᠢᠭᠤᠯᠵᠤ᠂ ᠳᠠᠷᠦ᠋ᠢᠬᠠᠨ ᠠᠵᠢᠯ ᠢᠶᠠᠨ ᠠᠬᠢᠭᠤᠯᠵᠤ᠂ ᠵᠢᠷᠭᠤᠭᠠᠨ ᠠᠵᠢᠯᠯᠠᠭ᠎ᠠ ᠶᠢᠨ ᠬᠤᠷᠳᠤᠴᠠ ᠶᠢ ᠨᠠᠶᠢᠳᠠᠪᠤᠷᠢᠵᠢᠭᠤᠯᠵᠤ᠂ ᠭᠠᠷᠠᠭ ᠪᠦᠷᠢ ᠠᠬᠢᠴᠠ ᠲᠠᠢ᠂ ᠰᠠᠷ᠎ᠠ ᠪᠦᠷᠢ ᠦᠷ᠎ᠡ ᠪᠦᠲᠦᠮᠵᠢ ᠲᠠᠢ᠂ ᠵᠢᠯ ᠤᠨ ᠡᠴᠦᠰ ᠲᠤ ᠳᠠᠩᠰᠠ ᠪᠠᠨ ᠰᠠᠶᠢᠲᠤᠷ ᠲᠤᠰᠢᠶᠠᠬᠤ ᠶᠢ ᠪᠠᠲᠤᠯᠠᠬᠤ ᠬᠡᠷᠡᠭᠲᠡᠢ᠃ ᠠᠷᠭ᠎ᠠ ᠬᠡᠮᠵᠢᠶ᠎ᠡ ᠪᠠᠨ ᠴᠢᠩᠭᠠᠳᠬᠠᠵᠤ ᠵᠢᠷᠭᠤᠭᠠᠨ ᠠᠵᠢᠯᠯᠠᠭ᠎ᠠ ᠶᠢ ᠰᠠᠶᠢᠲᠤᠷ ᠠᠬᠢᠭᠤᠯᠵᠤ᠂ ᠥᠭᠡᠷᠡᠴᠢᠯᠡᠯᠲᠡ ᠶᠢᠨ ᠰᠡᠳᠬᠢᠬᠦᠢ᠂ ᠠᠷᠭ᠎ᠠ ᠪᠠᠷᠢᠯ ᠤᠨ ᠰᠢᠨ᠎ᠡ ᠶᠢ ᠡᠭᠦᠳᠬᠦ ᠂ ᠲᠡᠷᠢᠭᠦᠨ ᠤ ᠪᠠᠷᠢᠮᠵᠢᠶ᠎ᠠ ᠶᠢ ᠪᠠᠷᠢᠮᠲᠠᠯᠠᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠵᠢᠯᠯᠠᠭ᠎ᠠ ᠨᠢᠭᠡᠪᠦᠷᠢ ᠶᠢ ᠴᠥᠮ ᠰᠠᠶᠢᠲᠤᠷ ᠠᠳᠬᠤᠵᠤ᠂ ᠥᠪᠡᠷᠮᠢᠴᠡ ᠣᠨᠴᠠᠯᠢᠭ ᠲᠠᠢ ᠪᠣᠯᠭᠠᠵᠤ᠂ ᠬᠢᠯᠠᠰ ᠴᠡᠭ ᠢ ᠠᠳᠬᠤᠬᠤ ᠬᠡᠷᠡᠭᠲᠡᠢ᠃ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ ᠶᠢ ᠴᠢᠩᠭᠠᠳᠬᠠᠵᠤ᠂ ᠲᠠᠪᠤᠨ ᠶᠡᠭᠡ ᠡᠭᠦᠷᠭᠡ᠂ ᠵᠢᠷᠭᠤᠭᠠᠨ ᠢᠨᠵᠧᠨᠧᠷᠢᠩ᠂ ᠵᠢᠷᠭᠤᠭᠠᠨ ᠠᠵᠢᠯᠯᠠᠭ᠎ᠠ ᠵᠡᠷᠭᠡ ᠡᠯ᠎ᠡ ᠵᠦᠢᠯ ᠤᠨ ᠠᠵᠢᠯ ᠢ ᠨᠢᠭᠡ ᠴᠤᠭᠴᠠᠵᠢᠭᠤᠯᠤᠨ ᠰᠠᠶᠢᠲᠤᠷ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠵᠢᠷᠭᠤᠭᠠᠨ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠡᠯ᠎ᠡ ᠲᠠᠯ᠎ᠠ ᠶᠢᠨ ᠠᠵᠢᠯ ᠤᠨ ᠢᠳᠡᠪᠬᠢᠵᠢᠯ ᠢ ᠭᠦᠢᠴᠡᠳ ᠳᠠᠶᠢᠴᠢᠯᠠᠵᠤ᠂ ᠨᠢᠭᠡ ᠱᠠᠲᠤ ᠨᠢ ᠨᠢᠭᠡ ᠱᠠᠲᠤ ᠪᠠᠨ ᠳᠠᠭᠠᠭᠤᠯᠤᠨ ᠠᠵᠢᠯᠯᠠᠵᠤ᠂ ᠵᠢᠷᠭᠤᠭᠠᠨ ᠠᠵᠢᠯᠯᠠᠭ᠎ᠠ ᠪᠠᠷ ᠬᠥᠲᠥᠯᠦᠮᠵᠢ ᠪᠣᠯᠭᠠᠨ ᠪᠥᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠡᠷᠡᠰ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠵᠠᠢ᠃        ᠬᠤᠷᠠᠯ ᠠᠴᠠ᠂ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠭᠦᠨᠵᠡᠭᠡᠢ ᠲᠥᠯᠥᠪᠵᠢᠭᠦᠯᠦᠨ ᠪᠣᠳᠠᠲᠠᠢ ᠠᠳᠬᠤᠵᠤ᠂ ᠲᠦᠷᠦᠯ ᠵᠦᠢᠯ ᠢ ᠨᠥᠭᠡᠴᠡᠯᠡᠬᠦ᠂ ᠲᠦᠷᠦᠯ ᠵᠦᠢᠯ ᠢ ᠨᠠᠶᠢᠳᠠᠪᠤᠷᠢᠵᠢᠭᠤᠯᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠲᠦᠷᠦᠯ ᠵᠦᠢᠯ ᠤᠨ ᠡᠵᠡᠩᠨᠡᠯᠲᠡ ᠵᠡᠷᠭᠡ ᠲᠦᠷᠪᠡᠨ ᠱᠠᠲᠤᠨ ᠤ ᠠᠵᠢᠯ ᠢ ᠰᠠᠶᠢᠲᠤᠷ ᠬᠢᠵᠦ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠢ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠢ ᠲᠥᠯᠥᠪᠵᠢᠭᠦᠯᠦᠨ ᠪᠣᠳᠠᠲᠠᠢ ᠠᠳᠬᠤᠵᠤ᠂ ᠠᠵᠤ ᠠᠬᠤᠶᠢᠯᠠᠯ ᠲᠠᠢ ᠰᠡᠳᠬᠢᠯ ᠢᠶᠠᠨ ᠨᠢᠭᠡᠳᠬᠡᠵᠦ᠂ ᠬᠠᠮᠲᠤ ᠵᠣᠭᠰᠣᠵᠤ᠂ ᠬᠠᠮᠲᠤ ᠠᠵᠢᠯᠯᠠᠵᠤ᠂ ᠠᠵᠤ ᠠᠬᠤᠶᠢᠯᠠᠯ ᠤᠨ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠪᠦᠬᠦ ᠬᠦᠴᠦᠨ ᠢᠶᠠᠷ ᠰᠢᠢᠳᠪᠦᠷᠢᠯᠡᠬᠦ ᠬᠡᠷᠡᠭᠲᠡᠢ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠭᠦᠨᠵᠡᠭᠡᠢ ᠲᠥᠯᠥᠪᠵᠢᠭᠦᠯᠦᠨ ᠪᠣᠳᠠᠲᠠᠢ ᠠᠳᠬᠤᠵᠤ ᠂ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢᠨ ᠳᠠᠯᠳᠠ ᠬᠦᠴᠦᠨ ᠢ ᠠᠭᠤᠳᠠᠯᠤᠨ ᠪᠠᠭᠲᠠᠭᠠᠮᠵᠢ ᠶᠢ ᠥᠷᠭᠡᠳᠬᠡᠬᠦ᠂ ᠭᠤᠣᠯᠳᠠᠯᠭ᠎ᠠ ᠲᠠᠢ ᠬᠥᠮᠦᠰ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ᠂ ᠠᠵᠢᠯ ᠣᠯᠭᠤᠯᠲᠠ ᠶᠢᠨ ᠦᠢᠯᠡᠴᠢᠯᠡᠭᠡ ᠳᠥᠭᠦᠮ ᠲᠦᠳᠡ ᠪᠠᠶᠢᠬᠤ ᠶᠢ ᠠᠬᠢᠭᠤᠯᠵᠤ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠬᠤ ᠬᠡᠷᠡᠭᠲᠡᠢ᠃ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠢ ᠲᠥᠯᠥᠪᠵᠢᠭᠦᠯᠦᠨ ᠪᠣᠳᠠᠲᠠᠢ ᠠᠳᠬᠤᠵᠤ᠂ ᠤᠰᠤ ᠶᠢ ᠴᠢᠩᠭ᠎ᠠ ᠬᠠᠮᠢᠶᠠᠷᠬᠤ᠂ ᠨᠠᠷᠢᠨ ᠨᠢᠮᠪᠠᠢ ᠪᠤᠳᠤᠵᠤ ᠰᠠᠶᠢᠲᠤᠷ ᠤᠰᠤ ᠶᠢ ᠠᠷᠪᠢᠯᠠᠬᠤ᠂ ᠤᠰᠤᠨ  ᠤ ᠴᠢᠨᠠᠷ ᠢ ᠢᠮᠠᠭᠲᠠ ᠪᠠᠲᠤᠯᠠᠬᠤ ᠶᠢ ᠪᠡᠶᠡᠯᠡᠭᠦᠯᠵᠦ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠭᠦᠨᠵᠡᠭᠡᠢ ᠲᠥᠯᠥᠪᠵᠢᠭᠦᠯᠦᠨ ᠪᠣᠳᠠᠲᠠᠢ ᠠᠳᠬᠤᠵᠤ᠂ ︽ᠶᠡᠭᠡ ᠥᠪᠥᠷ ᠮᠣᠩᠭᠤᠯ ᠳᠤ ᠪᠠᠨ ᠰᠠᠭᠤᠷᠢᠯᠠᠬᠤ᠂ ᠶᠡᠭᠡ ᠵᠡᠭᠦᠨ ᠬᠤᠶᠢᠲᠤ ᠣᠷᠣᠨ ᠲᠠᠢ ᠠᠭᠤᠰᠤᠯᠴᠠᠬᠤ᠂ ᠶᠡᠭᠡ ᠨᠡᠶᠢᠰᠯᠡᠯ ᠳᠤ ᠦᠢᠯᠡᠴᠢᠯᠡᠬᠦ᠂ ᠶᠡᠭᠡ ᠱᠠᠩᠬᠠᠢ ᠲᠠᠢ ᠶᠠᠪᠤᠯᠴᠠᠬᠤ᠂ ᠶᠡᠭᠡ ᠪᠤᠯᠤᠩ ᠤᠨ ᠬᠥᠭᠵᠢᠭᠰᠡᠨ ᠣᠷᠣᠨ ᠲᠠᠢ ᠬᠠᠮᠵᠢᠯᠴᠠᠬᠤ︾ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠵᠤ᠂ ᠣᠷᠣᠨ ᠪᠦᠰᠡ ᠶᠢᠨ ᠬᠠᠮᠲᠤᠷᠠᠯᠴᠠᠭᠠᠨ ᠤ ᠲᠣᠭᠤᠷᠢᠭ ᠢ ᠰᠠᠨᠠᠭᠠᠴᠢᠯᠠᠭ᠎ᠠ ᠠᠴᠠ ᠪᠠᠨ ᠥᠷᠭᠡᠳᠬᠡᠬᠦ ᠬᠡᠷᠡᠭᠲᠡᠢ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠰᠦᠪᠡᠭᠴᠢᠯᠡᠨ ᠪᠣᠳᠠᠲᠠᠶ ᠠᠳᠬᠤᠵᠤ᠂ ᠰᠢᠨ᠎ᠡ ᠶᠢ ᠡᠭᠦᠳᠬᠦ ᠠᠷᠭ᠎ᠠ ᠪᠠᠷ ᠲᠠᠶᠢᠯᠪᠤᠷᠢᠯᠠᠨ ᠤᠬᠠᠭᠤᠯᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢᠨ ᠰᠡᠳᠬᠢᠬᠦᠶ ᠪᠠᠷ ᠬᠥᠭᠵᠢᠯᠲᠡ ᠶᠢ ᠠᠳᠬᠤᠵᠤ᠂ ᠵᠠᠬ᠎ᠠ ᠳᠡᠯᠭᠡᠭᠦᠷᠴᠢᠯᠡᠭᠰᠡᠨ ᠰᠡᠳᠬᠢᠬᠦᠶ ᠪᠠᠷ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠡᠮᠳᠡᠭᠲᠦ ᠶᠢ ᠪᠥᠬᠦ ᠬᠦᠴᠦᠨ ᠢᠶᠠᠷ ᠨᠠᠩ ᠭᠡᠷᠡᠯᠲᠦᠭᠦᠯᠵᠦ᠂ ᠨᠠᠩ ᠴᠤᠤᠷᠢᠶᠠᠲᠤᠭᠤᠯᠬᠤ ᠬᠡᠷᠡᠭᠲᠡᠶ ᠭᠡᠵᠦ ᠴᠢᠬᠤᠯᠠᠴᠢᠯᠠᠵᠠᠢ᠃         ᠬᠤᠷᠠᠯ ᠢ ᠸᠢᠳᠢᠣ᠋ ᠬᠡᠯᠪᠡᠷᠢ ᠪᠠᠷ ᠬᠤᠰᠢᠭᠤ ᠰᠢᠶᠠᠨ ᠬᠤᠲᠠ ᠳᠤ ᠬᠤᠷᠠᠯᠳᠤᠭᠤᠯᠪᠠ᠃   
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号