ᠬᠢᠩᠭᠠᠨ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/8
          2 ᠰᠠᠷ᠎ᠠ ᠶᠢᠨ 5 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃        ᠬᠤᠷᠠᠯ ᠠᠴᠠ᠂ ᠪᠥᠬᠦ ᠠᠶᠢᠮᠠᠭ ᠤᠨ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠢᠯᠠᠩᠭᠤᠶ᠎ᠠ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ᠂ ᠵᠠᠬᠢᠷᠭ᠎ᠠ᠂ ᠤᠯᠤᠰ ᠲᠥᠷᠥ ᠶᠢᠨ ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠪᠢᠶᠠᠷᠢ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ᠂ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ᠂ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠨᠠᠮ ᠤᠨ ᠲᠥᠪ ᠬᠤᠷᠢᠶᠠᠨ ᠤ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢᠨ ᠬᠠᠮᠤᠭ ᠤᠨ ᠳᠡᠭᠡᠳᠦ ᠤᠯᠤᠰ ᠲᠥᠷᠥ ᠶᠢᠨ ᠵᠠᠷᠴᠢᠮ ᠢ ᠢᠮᠠᠭᠲᠠ ᠪᠠᠷᠢᠮᠲᠠᠯᠠᠨ᠂ ᠤᠬᠠᠮᠰᠠᠷ ᠠᠴᠠ ᠪᠠᠨ ᠶᠡᠭᠡ ᠲᠠᠯ᠎ᠠ ᠶᠢ ᠪᠣᠳᠣᠯᠬᠢᠯᠠᠨ ᠠᠵᠢᠯᠯᠠᠵᠤ᠂ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠶᠢ ᠬᠦᠴᠦ ᠪᠠᠨ ᠬᠠᠮᠲᠤᠳᠬᠠᠨ ᠠᠬᠢᠭᠤᠯᠵᠤ᠂ ᠠᠷᠠᠳ ᠲᠦᠮᠡᠨ ᠳᠤ ᠪᠤᠶᠠᠨ ᠦᠢᠯᠡᠳᠬᠦ ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ ᠪᠣᠶ ᠪᠣᠯᠭᠠᠵᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭ᠎ᠠ ᠰᠠᠶᠢᠲᠤᠷ ᠠᠳᠬᠤᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠲᠡᠷᠡ ᠶᠣᠰᠣᠭᠠᠷ ᠨᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠵᠠᠢ᠃        ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠮᠠᠯᠴᠢᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠢ ᠳᠤᠷᠠᠳᠤᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠤᠯᠤᠰ ᠤᠨ ᠲᠡᠰ ᠤᠨ ᠤᠳᠤ ᠦᠶ᠎ᠡ ᠶᠢᠨ ᠮᠠᠯ ᠠᠵᠤ ᠠᠬᠤᠢ ᠶᠢᠨ ᠲᠤᠷᠰᠢᠯᠲᠠ ᠶᠢᠨ ᠣᠷᠣᠨ ᠤ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠦᠪᠰᠢᠨ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠲᠦᠪᠰᠢᠨ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃        ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠠᠭᠠᠨ ᠰᠠᠷ᠎ᠠ ᠠᠴᠠ ᠡᠮᠦᠨᠡᠬᠡᠨ ᠯᠢᠶᠣᠤᠨᠢᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠢᠨᠵᠧᠨᠧᠷᠢᠩ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠪᠦᠳᠦᠭᠡᠨ ᠪᠠᠶᠢᠭᠤᠯᠤᠯᠲᠠ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠣᠷᠣᠨ ᠪᠦᠰᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠬᠦᠴᠦᠯᠡᠨ ᠭᠦᠨᠵᠡᠭᠡᠶᠢᠷᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃        ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠬᠢᠨᠠᠨ ᠪᠤᠳᠤᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠬᠢᠨᠠᠨ ᠪᠤᠳᠤᠬᠤ ᠬᠢᠨᠠᠯᠲᠠ ᠲᠠᠯᠪᠢᠬᠤ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠵᠦ᠂ ᠬᠢᠨᠠᠨ ᠪᠤᠳᠤᠬᠤ ᠬᠢᠨᠠᠯᠲᠠ ᠲᠠᠯᠪᠢᠬᠤ ᠭᠤᠤᠯᠳᠠᠯᠭ᠎ᠠ ᠶᠢ ᠳᠣᠪᠤᠶᠢᠯᠭᠠᠨ᠂ ᠬᠢᠨᠠᠨ ᠪᠤᠳᠤᠬᠤ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ︽ᠰᠡᠭᠦᠯᠴᠢ ᠶᠢᠨ ᠬᠠᠭᠠᠰ ᠠᠵᠢᠯ︾ ᠢ ᠪᠣᠳᠠᠲᠠᠶ ᠪᠥᠭᠡᠳ ᠨᠠᠷᠢᠯᠢᠭ ᠠᠳᠬᠤᠵᠤ᠂ ᠴᠢᠨᠠᠷ ᠰᠠᠶᠢᠲᠠᠶ ᠬᠢᠨᠠᠨ ᠪᠤᠳᠤᠬᠤ ᠬᠢᠨᠠᠯᠲᠠ ᠲᠠᠯᠪᠢᠬᠤ ᠪᠠᠷ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠵᠠᠢ᠃   
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号