| | | 2024 ᠣᠨ ᠳᠤ ᠬᠢᠩᠭᠠᠨ ᠠᠶᠢᠮᠠᠭ ᠤᠨ ᠬᠢᠨ ᠤᠯᠤᠰ ᠤᠨ ᠳᠣᠲᠣᠭᠠᠳᠤ ᠶᠢᠨ ᠬᠥᠭᠵᠢᠭᠰᠡᠨ ᠭᠠᠵᠠᠷ | ᠣᠷᠣᠨ ᠨᠤᠭᠤᠳ ᠠᠴᠠ ᠨᠡᠶᠢᠭᠡᠮ ᠤᠨ ᠢᠳᠡᠪᠬᠢᠯᠢᠭ ᠬᠥᠷᠥᠩᠭᠡ ᠮᠥᠩᠭᠦ ᠶᠢ 223.04 ᠳ᠋ᠦᠩᠰᠢᠭᠤᠷ ᠲᠥᠭᠦᠷᠢᠭ | ᠣᠷᠣᠭᠤᠯᠤᠨ ᠠᠪᠴᠢᠷᠠᠬᠤ ᠶᠢ ᠠᠬᠢᠭᠤᠯᠵᠤ᠂ ᠨᠡᠮᠡᠭᠳᠡᠯ ᠤᠨ ᠬᠤᠷᠳᠤᠴᠠ ᠨᠢ 17.2 ᠲᠤ ᠬᠥᠷᠪᠡ᠃ | ᠨᠢᠭᠡ ᠳᠤ᠂ ᠭᠤᠣᠯᠳᠠᠯᠭ᠎ᠠ ᠪᠣᠯᠬᠤ ᠠᠵᠤ ᠦᠢᠯᠡᠰ ᠢ ᠨᠡᠶᠢᠳᠡᠮ ᠬᠠᠮᠤᠷᠤᠭᠤᠯᠪᠠ᠃ ᠨᠡᠶᠢᠳᠡ 45 | ᠬᠠᠮᠲᠤᠷᠠᠯᠴᠠᠭᠠᠨ ᠤ ᠲᠦᠷᠦᠯ ᠵᠦᠢᠯ ᠳᠤ ᠭᠠᠷ ᠤᠨ ᠦᠰᠦᠭ ᠵᠢᠷᠤᠵᠤ᠂ ᠵᠥᠪᠯᠡᠯᠴᠡᠭᠡᠷ ᠤᠨ ᠶᠡᠷᠦᠩᠬᠡᠢ ᠪᠡᠯᠡ | ᠣᠷᠣᠭᠤᠯᠤᠯᠲᠠ 681 ᠳ᠋ᠦᠩᠰᠢᠭᠤᠷ ᠲᠥᠭᠦᠷᠢᠭ ᠲᠤ ᠬᠦᠷᠴᠦ᠂ ᠪᠡᠯᠡ ᠣᠷᠣᠭᠤᠯᠤᠯᠲᠠ ᠶᠢᠨ ᠬᠡᠪᠴᠢᠶᠡᠵᠢᠯ ᠢ ᠨᠢ | ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 56% ᠪᠠᠷ ᠨᠡᠮᠡᠭᠳᠡᠪᠡ᠂ ᠡᠭᠦᠨ ᠳᠤ ᠲᠠᠷᠢᠶᠠᠯᠠᠩ ᠰᠣᠶᠣᠯ | ᠵᠢᠭᠤᠯᠴᠢᠯᠠᠯ ᠤᠨ ᠲᠦᠷᠦᠯ ᠵᠦᠢᠯ 12 ᠪᠠᠶᠢᠵᠤ᠂ ᠵᠥᠪᠯᠡᠯᠴᠡᠭᠡᠷ ᠤᠨ ᠶᠡᠷᠦᠩᠬᠡᠢ ᠪᠡᠯᠡ ᠣᠷᠣᠭᠤᠯᠤᠯᠲᠠ 139 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 87% ᠪᠠᠷ | ᠨᠡᠮᠡᠭᠳᠡᠵᠡᠢ᠃ | ᠬᠤᠶᠠᠷ ᠲᠤ᠂ ᠭᠤᠣᠯᠳᠠᠯᠭ᠎ᠠ ᠪᠣᠯᠬᠤ ᠭᠠᠵᠠᠷ ᠣᠷᠣᠨ ᠨᠤᠭᠤᠳ ᠢ ᠨᠡᠶᠢᠳᠡᠮ ᠬᠠᠮᠤᠷᠤᠭᠤᠯᠪᠠ᠃ ᠪᠡᠭᠡᠵᠢᠩ᠂ | ᠦᠬᠠᠨ ᠵᠡᠷᠭᠡ 11 ᠬᠥᠭᠵᠢᠭᠰᠡᠨ ᠭᠠᠵᠠᠷ ᠣᠷᠣᠨ ᠳᠤ ᠣᠷᠣᠨ ᠪᠦᠰᠡ ᠶᠢᠨ ᠬᠠᠮᠲᠤᠷᠠᠯᠴᠠᠭᠠᠨ ᠤ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠬᠤᠯᠪᠣᠭ᠎ᠠ ᠠᠪᠬᠤ ᠭᠠᠵᠠᠷ ᠢ ᠪᠠᠶᠢᠭᠤᠯᠤᠨ᠂ ᠭᠤᠸᠠᠩᠳᠦ᠋ᠩ ᠰᠢᠶᠠᠩᠭᠠᠩ ᠣᠣᠮᠧᠨ ᠤ | ᠲᠣᠮᠣ ᠪᠤᠯᠤᠩ ᠤᠨ ᠣᠷᠣᠨ ᠪᠠ ᠱᠠᠨᠳᠦ᠋ᠩ ᠮᠤᠵᠢ ᠳᠤ ᠰᠠᠭᠤᠭ᠎ᠠ ᠣᠷᠣᠨ ᠪᠦᠰᠡ ᠶᠢᠨ ᠬᠠᠮᠲᠤᠷᠠᠯᠴᠠᠭᠠᠨ ᠤ | ᠬᠤᠳᠠᠯᠳᠤᠭᠠᠴᠢᠨ ᠤᠷᠢᠬᠤ ᠠᠵᠢᠯ ᠤᠨ 2 ᠳᠤᠭᠤᠶᠢᠯᠠᠩ ᠢ ᠪᠠᠶᠢᠭᠤᠯᠪᠠ᠂ ᠡᠯ᠎ᠡ ᠲᠠᠪᠴᠠᠩ ᠤᠳ ᠤᠨ | ᠬᠠᠪᠰᠤᠷᠤᠯᠭ᠎ᠠ ᠲᠠᠢ ᠪᠠᠷ 340 ᠭᠠᠷᠤᠢ ᠬᠠᠷᠠᠯᠲᠠᠲᠤ ᠠᠵᠤ ᠠᠬᠤᠶᠢᠯᠠᠯ ᠯᠤᠭ᠎ᠠ ᠵᠣᠯᠭᠠᠭᠤᠯᠵᠤ᠂ ᠠᠵᠤ | ᠠᠬᠤᠶᠢᠯᠠᠯ ᠤᠳ ᠤᠨ 165 ᠲᠥᠷᠥᠯ ᠵᠦᠢᠯ ᠢ ᠲᠠᠨᠢᠯᠴᠠᠭᠤᠯᠤᠨ᠂ 36 ᠳ᠋ᠦᠩᠰᠢᠭᠤᠷ ᠲᠥᠭᠦᠷᠢᠭ ᠤᠨ ᠪᠡᠯᠡ | ᠮᠥᠩᠭᠦ ᠶᠢ ᠬᠠᠪᠰᠤᠷᠤᠨ ᠣᠷᠣᠭᠤᠯᠵᠤ ᠠᠪᠴᠢᠷᠠᠭᠰᠠᠨ ᠪᠥᠭᠡᠳ ᠪᠣᠲᠠᠲᠠᠶᠢᠵᠢᠭᠤᠯᠪᠠ᠃ | ᠭᠤᠷᠪᠠ ᠳᠤ᠂ ᠭᠤᠣᠯᠳᠠᠯᠭ᠎ᠠ ᠪᠣᠯᠬᠤ ᠠᠵᠢᠯ ᠲᠥᠷᠥᠯ ᠢ ᠨᠡᠶᠢᠳᠡᠮ ᠬᠠᠮᠤᠷᠤᠭᠤᠯᠪᠠ᠃ ᠰᠢᠨ᠎ᠡ ᠪᠠᠷ ᠭᠡᠷ᠎ᠡ | ᠲᠣᠭᠲᠠᠨ ᠬᠤᠷᠰᠢᠭᠰᠠᠨ ᠪᠣᠬᠢᠷᠳᠤᠯ ᠦᠭᠡᠢ ᠴᠠᠬᠢᠯᠭᠠᠨ ᠢᠶᠠᠷ ᠪᠣᠬᠢᠷᠳᠤᠯ ᠦᠭᠡᠢ ᠤᠰᠤᠲᠥ᠋ᠷᠥᠭᠴᠢ ᠪᠣᠬᠢᠷᠳᠤᠯ ᠦᠭᠡᠢ | ᠰᠢᠪᠲᠦᠷ ᠪᠣᠬᠢᠷᠳᠤᠯ ᠦᠭᠡᠢ ᠮᠧᠲ᠋ᠢᠯ ᠠᠯᠺᠣᠣᠯ ᠦᠢᠯᠡᠳᠬᠦ ᠵᠢᠴᠢ ᠡᠨᠧᠷᠭᠢ ᠨᠥᠭᠡᠴᠡᠯᠡᠬᠦ᠂ ᠯᠢᠲ᠋ᠢ ᠢᠶᠤᠨ ᠤ ᠳ᠋ᠢᠶᠠᠨ | ᡂᠢ ᠦᠢᠯᠡᠳᠬᠦ᠂ ᠠᠭᠠᠷ ᠠᠶᠠᠯᠠᠯ ᠤᠨ ᠨᠡᠭᠦᠷᠡᠰᠦᠨ ᠲᠣᠰᠣ ᠦᠢᠯᠡᠳᠬᠦ ᠵᠡᠷᠭᠡ ᠲᠥᠷᠥᠯ ᠵᠦᠢᠯ ᠤᠨ ᠪᠦᠯᠦᠭᠵᠢᠯ ᠤᠨ | ᠬᠡᠪᠴᠢᠶᠡᠵᠢᠯ ᠨᠢ 400 ᠳ᠋ᠦᠩᠰᠢᠭᠤᠷ ᠲᠥᠭᠦᠷᠢᠭ ᠢ ᠳᠠᠪᠠᠵᠤ᠂ ᠶᠢᠨ ᠹᠧᠩ ᠪᠣᠬᠢᠷᠳᠤᠯ ᠦᠭᠡᠢ | ᠤᠰᠤᠲᠥ᠋ᠷᠥᠭᠴᠢ ᠪᠠᠷ ᠪᠣᠬᠢᠷᠳᠤᠯ ᠦᠭᠡᠢ 50 ᠲᠦᠮᠡᠨ ᠲᠣᠨ ᠮᠧᠲ᠋ᠢᠯ ᠠᠯᠺᠣᠣᠯ ᠦᠢᠯᠡᠳᠬᠦ ᠵᠡᠷᠭᠡ ᠰᠢᠨ᠎ᠡ ᠪᠠᠷ ᠪᠣᠶ | ᠪᠣᠯᠤᠭᠰᠠᠨ ᠠᠵᠤ ᠦᠢᠯᠡᠰ ᠤᠨ 19 ᠲᠥᠷᠥᠯ ᠵᠦᠢᠯ ᠢ ᠬᠡᠷᠡᠭᠵᠢᠭᠦᠯᠵᠦ᠂ 76 ᠳ᠋ᠦᠩᠰᠢᠭᠤᠷ ᠲᠥᠭᠦᠷᠢᠭ ᠤᠨ ᠪᠡᠯᠡ | ᠮᠥᠩᠭᠦ ᠶᠢ ᠪᠣᠲᠠᠲᠠᠶᠢᠵᠢᠭᠤᠯᠪᠠ᠃ | ᠳᠥᠷᠪᠡ ᠳᠤ᠂ ᠭᠤᠣᠯᠳᠠᠯᠭ᠎ᠠ ᠪᠣᠯᠬᠤ ᠬᠦᠴᠦᠨ ᠢ ᠨᠡᠶᠢᠳᠡᠮ ᠬᠠᠮᠤᠷᠤᠭᠤᠯᠪᠠ᠃ ᠠᠶᠢᠮᠠᠭ ᠤᠨ ᠱᠠᠲᠤᠨ ᠤ | ᠤᠳᠤᠷᠢᠳᠤᠯᠭ᠎ᠠ ᠨᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠴᠢᠬᠤᠯᠠ ᠶᠡᠭᠡ ᠲᠥᠷᠥᠯ ᠵᠦᠢᠯ ᠢ | ᠳᠠᠭᠠᠭᠠᠴᠢᠯᠠᠨ ᠬᠠᠷᠢᠯᠴᠠᠬᠤ ᠲᠣᠭᠲᠠᠴᠠ ᠶᠢ ᠬᠡᠷᠡᠭᠵᠢᠭᠦᠯᠦᠭᠡᠳ ᠵᠠᠷᠯᠠᠯ ᠬᠦᠯᠢᠶᠡᠭᠰᠡᠨ 8 ᠲᠥᠷᠥᠯ ᠵᠦᠢᠯ᠂ | ᠠᠶᠢᠮᠠᠭ ᠤᠨ ᠱᠠᠲᠤᠨ ᠤ ᠳᠠᠭᠠᠭᠠᠴᠢᠯᠠᠨ ᠬᠠᠷᠢᠯᠴᠠᠬᠤ 12 ᠲᠥᠷᠥᠯ ᠵᠦᠢᠯ ᠢ ᠨᠠᠶᠢᠳᠠᠪᠤᠷᠢᠵᠢᠭᠤᠯᠤᠨ ᠠᠵᠢᠯ ᠢᠶᠠᠨ | ᠡᠬᠢᠯᠡᠭᠦᠯᠪᠡ᠃ | ᠲᠠᠪᠤ ᠳᠤ᠂ ᠭᠤᠣᠯᠳᠠᠯᠭ᠎ᠠ ᠪᠣᠯᠬᠤ ᠬᠠᠷᠠᠯᠲᠠ ᠶᠢ ᠨᠡᠶᠢᠳᠡᠮ ᠬᠠᠮᠤᠷᠤᠭᠤᠯᠪᠠ᠃ ᠲᠦᠷᠪᠡᠨ ᠶᠡᠭᠡ ᠠᠵᠤ | ᠦᠢᠯᠡᠰ ᠤᠨ ᠬᠡᠰᠡᠭ ᠲᠤ ᠠᠩᠬᠠᠷᠤᠯ ᠢᠶᠠᠨ ᠲᠥᠪᠯᠡᠷᠡᠭᠦᠯᠦᠨ ᠬᠤᠳᠠᠯᠳᠤᠭᠠᠴᠢᠨ ᠤᠷᠢᠬᠤ ᠬᠥᠲᠥᠯᠪᠦᠷᠢ ᠶᠢᠨ ᠭᠠᠷ | ᠠᠪᠤᠯᠭ᠎ᠠ᠂ ᠠᠵᠤ ᠦᠢᠯᠡᠰ ᠤᠨ ᠵᠢᠷᠤᠭᠲᠤ ᠲᠠᠨᠢᠯᠴᠠᠭᠤᠯᠭ᠎ᠠ ᠶᠢᠨ ᠭᠠᠷ ᠠᠪᠤᠯᠭ᠎ᠠ᠂ ᠨᠥᠭᠡᠴᠡᠯᠡᠬᠦ ᠲᠥᠷᠥᠯ ᠵᠦᠢᠯ ᠤᠨ | ᠭᠠᠷ ᠠᠪᠤᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ | ᠵᠦᠢᠯ ᠢ 101 ᠨᠥᠭᠡᠴᠡᠯᠡᠵᠦ᠂ ᠪᠡᠯᠡ ᠣᠷᠣᠭᠤᠯᠤᠯᠲᠠ ᠶᠢᠨ ᠬᠡᠪᠴᠢᠶᠡᠵᠢᠯ ᠨᠢ 413 ᠳ᠋ᠦᠩᠰᠢᠭᠤᠷ ᠲᠥᠭᠦᠷᠢᠭ ᠲᠤ | ᠬᠦᠷᠴᠡᠢ᠂ ᠬᠥᠳᠡᠯᠦᠩᠭᠦᠢ ᠪᠠᠷ ᠨᠥᠬᠦᠪᠦᠷᠢᠯᠡᠨ ᠰᠢᠨᠡᠳᠬᠡᠬᠦ ᠪᠠᠷ ᠳᠠᠮᠵᠢᠭᠤᠯᠤᠨ᠂ ᠬᠠᠮᠲᠤᠷᠠᠯᠴᠠᠵᠤ ᠪᠠᠶᠢᠭᠠᠳ | ᠬᠤᠪᠢᠷᠠᠭᠤᠯᠤᠯᠲᠠ ᠲᠠᠢ ᠪᠣᠯᠭᠠᠭᠰᠠᠨ ᠲᠥᠷᠥᠯ ᠵᠦᠢᠯ ᠢ 10 ᠪᠡᠶᠡᠯᠡᠭᠦᠯᠵᠦ᠂ ᠨᠡᠶᠢᠲᠡ 32.25 ᠳ᠋ᠦᠩᠰᠢᠭᠤᠷ | ᠲᠥᠭᠦᠷᠢᠭ ᠤᠨ ᠪᠡᠯᠡ ᠣᠷᠤᠭᠤᠯᠤᠯᠲᠠ ᠳᠤ ᠬᠤᠯᠪᠣᠭᠳᠠᠨ᠎ᠠ᠃ | | | | |