| | 2 ᠰᠠᠷ᠎ᠠ ᠶᠢᠨ 6 ᠤ ᠡᠳᠦᠷ᠂ ᠤᠯᠠᠭᠠᠨᠬᠤᠲᠠ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠵᠠᠰᠠᠭ ᠤᠨ ᠣᠷᠳᠣᠨ ᠤ ᠳᠥᠴᠢᠨ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠵᠤ᠂ | ᠤᠯᠠᠭᠠᠨᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠮᠠ ᠮᠧᠩ ᠬᠤᠷᠠᠯ ᠡᠷᠭᠢᠯᠡᠨ | ᠶᠠᠷᠢᠶ᠎ᠠ ᠲᠠᠯᠪᠢᠵᠠᠶ᠃ | ᠬᠤᠷᠠᠯ ᠠᠴᠠ ︽ᠤᠯᠠᠭᠠᠨᠬᠤᠲᠠ ᠶᠢᠨ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ | ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠵᠡᠷᠭᠡ ︽ᠵᠢᠷᠭᠤᠭᠠᠨ ᠠᠵᠢᠯᠯᠠᠭ᠎ᠠ︾ ᠶᠢᠨ ᠬᠠᠮᠢᠶ᠎ᠠ ᠪᠥᠬᠦᠶ ᠪᠢᠴᠢᠭ | ᠮᠠᠲ᠋ᠧᠷᠢᠶᠠᠯ᠂ ︽ᠤᠯᠠᠭᠠᠨᠬᠤᠲᠠ ᠶᠢᠨ 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ | ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠮᠡᠳᠡᠭᠦᠯᠦᠯᠲᠡ︾᠂ ︽ᠤᠯᠠᠭᠠᠨᠬᠤᠲᠠ ᠶᠢᠨ | 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ | ᠪᠠᠶᠢᠳᠠᠯ ᠤᠨ ᠮᠡᠳᠡᠭᠦᠯᠦᠯᠲᠡ ᠪᠠ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ | ᠵᠦᠢᠯ ᠤᠨ ᠲᠣᠳᠣᠷᠬᠠᠶᠢᠯᠠᠯᠲᠠ︾ ᠶᠢᠨ ᠬᠠᠮᠢᠶ᠎ᠠ ᠪᠥᠬᠦᠶ ᠵᠦᠢᠯᠡᠰ ᠢ ᠰᠤᠳᠤᠯᠤᠨ ᠬᠢᠨᠠᠨ ᠵᠥᠪᠯᠡᠪᠡ᠃ | ᠬᠤᠷᠠᠯ ᠠᠴᠠ᠂ ᠪᠥᠬᠦ ᠬᠤᠲᠠ ᠪᠠᠷ ᠢᠶᠠᠨ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ | ᠶᠡᠷᠦᠩᠬᠡᠶ ᠬᠥᠭ ᠠᠶᠠᠰ ᠢ ᠦᠷᠭᠦᠯᠵᠢᠯᠡᠨ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ | ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠵᠡᠷᠭᠡ | ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ᠂ ᠣᠷᠣᠨ᠂ ᠠᠶᠢᠮᠠᠭ ᠬᠤᠶᠠᠷ ᠱᠠᠲᠤᠨ ᠤ ᠲᠣᠭᠲᠠᠭᠠᠭᠰᠠᠨ | ᠬᠥᠭᠵᠢᠯᠲᠡ ᠶᠢᠨ ᠴᠢᠭᠯᠡᠯ ᠢ ᠵᠢᠷᠤᠮᠯᠠᠵᠤ᠂ ᠤᠯᠠᠭᠠᠨᠬᠤᠲᠠ ᠶᠢᠨ ᠴᠢᠨᠠᠷ ᠰᠠᠶᠢᠲᠠᠶ ᠬᠥᠭᠵᠢᠯᠲᠡ ᠲᠡᠶᠢᠰᠢ | ᠯᠠᠪᠳᠠᠭᠤᠨ ᠢᠶᠠᠷ ᠤᠷᠤᠭᠰᠢᠯᠠᠬᠤ ᠶᠢ ᠬᠦᠴᠦᠯᠡᠨ ᠠᠬᠢᠭᠤᠯᠬᠤ ᠬᠡᠷᠡᠭᠲᠡᠶ᠃ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠢ ᠪᠢᠯᠧᠲ ᠢᠶᠠᠷ ᠲᠣᠭᠲᠠᠭᠠᠬᠤ ᠲᠦᠷᠦᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠪᠦᠬᠦ ᠬᠦᠴᠦᠨ ᠢᠶᠠᠷ ᠢᠶᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ | ᠪᠣᠳᠠᠲᠠᠢ ᠰᠠᠶᠢᠲᠤᠷ ᠬᠢᠬᠦ ᠬᠡᠷᠡᠭᠲᠡᠢ᠃ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠲᠤᠬᠢᠷᠠᠭᠤᠯᠤᠯᠳᠠ ᠶᠢ | ᠰᠠᠶᠢᠲᠤᠷ ᠠᠳᠬᠤᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠴᠠᠭ ᠲᠤᠬᠠᠢ ᠳᠤᠨᠢ ᠰᠢᠢᠳᠪᠦᠷᠢᠯᠡᠵᠦ᠂ | ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ | ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ︽ᠭᠤᠷᠪᠠᠨ ᠨᠠᠷᠢᠨ ᠲᠠᠩᠰᠠ︾ ᠶᠢ ᠨᠠᠶᠢᠷᠠᠭᠤᠯᠤᠨ ᠵᠣᠬᠢᠶᠠᠬᠤ ᠠᠵᠢᠯ ᠢ | ᠰᠠᠶᠢᠲᠤᠷ ᠬᠢᠵᠦ᠂ ᠨᠠᠷᠢᠨ ᠲᠠᠩᠰᠠ ᠶᠢᠨ ᠡᠭᠦᠷᠭᠡ ᠭᠤᠣᠯᠳᠠᠯᠭ᠎ᠠ ᠨᠢ ᠲᠣᠳᠣᠷᠬᠠᠢ᠂ ᠬᠢᠯᠠᠰ ᠴᠡᠭ ᠨᠢ ᠲᠤᠪᠤᠶᠢᠮ᠎ᠠ᠂ | ᠬᠦᠴᠢᠷᠳᠡᠯ ᠨᠢ ᠣᠨᠣᠪᠴᠢᠲᠠᠢ ᠪᠠᠶᠢᠬᠤ ᠶᠢ ᠪᠠᠲᠤᠯᠠᠵᠤ᠂ ᠤᠯᠠᠭᠠᠨᠬᠤᠲᠠ ᠶᠢᠨ ᠣᠨᠴᠠᠯᠢᠭ ᠪᠠ ᠳᠠᠪᠠᠭᠤᠯᠢᠭ ᠢ | ᠭᠦᠢᠴᠡᠳ ᠢᠯᠡᠷᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ | ᠰᠠᠶᠢᠲᠤᠷ ᠠᠳᠬᠤᠵᠤ᠂ ᠦᠷᠭᠦᠯᠵᠢᠯᠡᠨ ᠪᠠᠶᠢᠭᠤᠯᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ᠂ | ᠰᠢᠨ᠎ᠡ ᠪᠠᠷ ᠪᠠᠶᠢᠭᠤᠯᠬᠤ ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ᠂ ᠨᠥᠭᠡᠴᠡ ᠲᠦᠷᠦᠯ ᠵᠦᠢᠯ ᠤᠨ ᠳᠠᠯᠳᠠ | ᠬᠦᠴᠦᠨ ᠢ ᠠᠭᠤᠳᠠᠯᠬᠤ ᠶᠢ ᠴᠢᠩᠭ᠎ᠠ ᠠᠩᠬᠠᠷᠴᠤ᠂ ᠲᠦᠷᠦᠯ ᠵᠦᠢᠯ ᠢ ᠪᠦᠳᠦᠭᠡᠨ ᠪᠠᠶᠢᠭᠤᠯᠬᠤ ᠲᠥᠯᠥᠪᠵᠢᠭᠦᠯᠭᠡ | ᠶᠣᠰᠣᠭᠠᠷ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠮᠥᠩᠭᠦ | ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠪᠦᠷᠢᠨ ᠪᠦᠲᠦᠨ᠂ ᠬᠡᠷᠡᠭᠵᠢᠭᠦᠯᠵᠦ ᠪᠣᠯᠬᠤᠶᠢᠴᠠ | ᠴᠢᠨᠠᠷ ᠢᠶᠠᠷ ᠴᠢᠩᠭ᠎ᠠ᠂ ᠤᠯᠠᠭᠠᠨᠬᠤᠲᠠ ᠶᠢᠨ ᠠᠵᠤ ᠦᠢᠯᠡᠰ ᠤᠨ ᠴᠢᠭᠯᠡᠯ ᠪᠣᠯᠤᠨ ᠬᠥᠭᠵᠢᠯᠲᠡ ᠶᠢᠨ ᠪᠣᠳᠠᠲᠤ | ᠪᠠᠶᠢᠳᠠᠯ ᠳᠤ ᠨᠡᠶᠢᠴᠡᠭᠰᠡᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠬᠦ | ᠲᠦᠷᠦᠯ ᠵᠦᠢᠯ ᠢ ᠲᠥᠯᠥᠪᠵᠢᠭᠦᠯᠵᠦ᠂ ᠠᠷᠠᠯᠵᠢᠶᠠᠴᠢᠨ ᠤᠷᠢᠬᠤ ᠳᠤ ᠲᠦᠷᠦᠯ ᠵᠦᠢᠯ ᠤᠨ ᠲᠤᠯᠭᠠᠭᠤᠷᠢᠯᠠᠯ | ᠬᠠᠩᠭᠠᠬᠤ ᠶᠢᠨ ᠬᠠᠮᠲᠤ ᠲᠡᠷᠢᠭᠦᠨ ᠤ ᠭᠠᠵᠠᠷ ᠣᠷᠣᠨ ᠢ ᠴᠢᠩᠭ᠎ᠠ ᠠᠩᠬᠠᠷᠴᠤ᠂ ᠬᠠᠷᠠᠯᠲᠠᠲᠤ ᠠᠵᠤ ᠠᠬᠤᠶᠢᠯᠠᠯ ᠲᠠᠢ | ᠤᠯᠤᠯᠴᠠᠭ᠎ᠠ ᠲᠠᠨᠢᠯᠴᠠᠭᠤᠯᠭ᠎ᠠ ᠬᠢᠵᠦ᠂ ᠭᠦᠨᠵᠡᠭᠡᠢ ᠵᠣᠯᠭᠠᠭᠤᠯᠵᠤ᠂ ᠰᠠᠨᠠᠮᠵᠢ ᠪᠠᠨ ᠲᠣᠳᠣᠷᠬᠠᠶᠢᠯᠠᠭᠰᠠᠨ ᠤ ᠳᠠᠷᠠᠭ᠎ᠠ᠂ | ᠤᠨᠢᠨ ᠳᠡᠭᠡᠷ᠎ᠡ ᠨᠢ ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠠᠷᠠᠯᠵᠢᠶᠠᠴᠢᠨ ᠤᠷᠢᠵᠤ ᠪᠡᠯᠡ ᠮᠥᠩᠭᠦ | ᠣᠷᠣᠭᠤᠯᠤᠨ ᠠᠪᠴᠢᠷᠠᠬᠤ ᠶᠢ ᠨᠠᠶᠢᠳᠠᠪᠤᠷᠢᠵᠢᠭᠤᠯᠬᠤ ᠨᠤᠷᠮ᠎ᠠ ᠶᠢ ᠳᠡᠭᠡᠭᠰᠢᠯᠡᠭᠦᠯᠵᠦ᠂ ᠪᠦᠬᠦ ᠬᠤᠳᠠ ᠶᠢᠨ ᠨᠢᠭᠡ | ᠬᠥᠯᠭᠡ ᠰᠢᠲᠠᠷ᠎ᠠ ᠶᠢᠨ ᠤᠬᠠᠮᠰᠠᠷ ᠢ ᠴᠢᠩᠭᠠᠳᠬᠠᠵᠤ᠂ ᠠᠷᠠᠯᠵᠢᠶᠠᠴᠢᠨ ᠤᠷᠢᠬᠤ ᠠᠵᠤ ᠠᠬᠤᠶᠢᠯᠠᠯ ᠳᠤ ᠦᠨᠡᠨ | ᠰᠡᠳᠬᠢᠯ ᠠᠴᠠ ᠪᠠᠨ ᠬᠠᠮᠤᠭ ᠤᠨ ᠶᠡᠭᠡ ᠠᠰᠢᠭ ᠲᠤᠰᠠ ᠣᠯᠭᠤᠵᠤ᠂ ᠪᠡᠯᠡ ᠣᠷᠣᠭᠤᠯᠤᠭᠴᠢᠳ ᠤᠨ ᠢᠲᠡᠭᠡᠯ | ᠵᠣᠷᠢᠭ ᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃ | |