| 2025 ᠣᠨ ᠤ ᠰᠠᠷ᠎ᠠ ᠰᠢᠨᠡᠳ ᠤᠨ ᠬᠤᠭᠤᠴᠠᠭᠠᠨ ᠳᠤ᠂ ᠤᠯᠠᠭᠠᠨᠬᠤᠲᠠ ᠶᠢᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠳᠡᠭᠡᠳᠦ ᠱᠠᠲᠤᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠵᠠᠮ ᠤᠨ ᠲᠦᠭᠵᠢᠷᠡᠯ ᠢ ᠰᠠᠭᠠᠳ ᠥᠬᠡᠶ ᠨᠡᠪᠲᠡᠷᠡᠭᠦᠯᠬᠦ᠂ ᠠᠮᠤᠷ ᠢ ᠬᠠᠮᠠᠭᠠᠯᠠᠵᠤ ᠴᠠᠭᠳᠠᠨ | ᠲᠣᠭᠤᠷᠢᠵᠤ ᠰᠡᠷᠭᠡᠶᠢᠯᠡᠨ ᠡᠵᠡᠮᠳᠡᠬᠦ ᠪᠠ ᠣᠯᠠᠨ ᠨᠡᠶᠢᠲᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠪᠥᠬᠦ | ᠬᠦᠴᠦᠨ ᠢᠶᠠᠷ ᠢᠶᠠᠨ ᠥᠷᠨᠢᠭᠦᠯᠵᠦ᠂ ᠡᠶ᠎ᠡ ᠨᠠᠶᠢᠷᠠᠮᠳᠠᠭᠤ᠂ ᠪᠠᠶᠠᠷ ᠬᠥᠷ ᠲᠠᠢ᠂ ᠠᠮᠤᠷ ᠠᠮᠤᠭᠤᠯᠠᠩ ᠴᠠᠭᠠᠨ | ᠰᠠᠷ᠎ᠠ ᠶᠢᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠥᠬᠦ ᠲᠠᠯ᠎ᠠ ᠪᠠᠷ ᠪᠣᠶ ᠪᠣᠯᠭᠠᠪᠠ᠃ | ᠡᠨᠡ ᠬᠤᠭᠤᠴᠠᠭᠠᠨ ᠳᠤ᠂ ᠪᠥᠬᠦ ᠬᠤᠲᠠ ᠶᠢᠨ ᠣᠯᠠᠨ ᠨᠡᠶᠢᠲᠡ ᠶᠢᠨ ᠲᠠᠯᠠᠪᠤᠷ ᠤᠨ ᠡᠮᠬᠢ ᠳᠢᠭᠯᠢᠮ ᠰᠠᠶᠢᠨ | ᠪᠠᠶᠢᠵᠤ᠂ ᠪᠥᠬᠦ ᠬᠤᠲᠠ ᠶᠢᠨ ᠵᠠᠮ ᠬᠠᠷᠢᠯᠴᠠᠭ᠎ᠠ ᠶᠡᠷᠦᠩᠬᠡᠢ ᠳᠡᠭᠡᠨ ᠲᠣᠭᠲᠠᠭᠤᠨ ᠪᠥᠭᠡᠳ ᠡᠮᠬᠢ ᠵᠢᠷᠤᠮ ᠲᠠᠢ᠂ | ᠬᠦᠨᠳᠦ ᠶᠡᠭᠡ ᠡᠷᠡᠭᠦᠦ ᠶᠢᠨ ᠬᠡᠷᠡᠭ᠂ ᠠᠮᠤᠷ ᠤᠨ ᠬᠠᠮᠠᠭᠠᠯᠠᠯᠲᠠ ᠶᠢᠨ ᠬᠡᠷᠡᠭ ᠭᠠᠷᠤᠭᠰᠠᠨ ᠦᠭᠡᠢ᠂ ᠨᠡᠯᠢᠶᠡᠳ | ᠶᠡᠭᠡ ᠠᠴᠠ ᠳᠡᠭᠡᠭᠰᠢᠬᠢ ᠵᠠᠮ ᠬᠠᠷᠢᠯᠴᠠᠭᠠᠨ ᠤ ᠡ᠊ᠡᠳᠡᠯ ᠭᠠᠷᠤᠭᠰᠠᠨ ᠦᠭᠡᠢ᠂ ᠥᠷᠭᠡᠨ ᠣᠯᠠᠨ ᠠᠷᠠᠳ ᠲᠦᠮᠡᠨ ᠠᠮᠤᠷ | ᠠᠮᠤᠭᠤᠯᠠᠩ ᠥᠯᠵᠡᠶ ᠪᠡᠯᠭᠡ ᠲᠠᠢ ᠠᠭᠤᠷ ᠠᠮᠢᠰᠬᠤᠯ ᠤᠨ ᠳᠤᠮᠳᠠ ᠪᠠᠶᠠᠷ ᠤᠨ ᠡᠳᠦᠷ ᠢᠶᠠᠨ ᠪᠠᠶᠠᠷᠯᠠᠨ ᠪᠡᠯᠭᠡᠯᠡᠪᠡ᠃ | ᠪᠦᠬᠦ ᠬᠦᠴᠦᠨ ᠢᠶᠠᠷ ᠢᠶᠠᠨ ᠴᠠᠭᠳᠠᠨ ᠡᠵᠡᠮᠳᠡᠵᠦ ᠠᠮᠤᠷ ᠲᠠᠶᠢᠪᠤᠩ ᠡᠶ᠎ᠡ ᠨᠠᠶᠢᠷᠠᠮᠳᠠᠭᠤ ᠪᠠᠶᠢᠬᠤ ᠶᠢ ᠰᠠᠬᠢᠨ | ᠬᠠᠮᠠᠭᠠᠯᠠᠵᠠᠢ | ᠠᠮᠤᠷ ᠲᠥᠪᠰᠢᠨ ᠪᠣᠯ ᠵᠢᠷᠭᠠᠯ᠂ ᠡᠶ᠎ᠡ ᠵᠣᠬᠢᠴᠠᠩᠭᠤᠢ ᠪᠣᠯ ᠰᠠᠭᠤᠷᠢ᠃ ᠪᠠᠶᠠᠷ ᠤᠨ ᠡᠳᠦᠷ ᠤᠨ | ᠬᠤᠭᠤᠴᠠᠭᠠᠨ ᠳᠤ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢᠭᠡᠴᠢ ᠨᠡᠶᠢᠭᠡᠮ ᠤᠨ | ᠲᠠᠯ᠎ᠠ ᠶᠢᠨ ᠪᠦᠬᠦᠯᠢ ᠴᠣᠭᠴᠠ ᠶᠢᠨ ᠰᠡᠷᠭᠡᠶᠢᠯᠡᠨ ᠡᠵᠡᠮᠳᠡᠬᠦ ᠶᠢ ᠪᠥᠬᠦ ᠲᠠᠯ᠎ᠠ ᠪᠠᠷ ᠴᠢᠩᠭᠠᠳᠬᠠᠵᠤ᠂ ︽1᠂ 3᠂ 5 | ᠮᠢᠨᠦ᠋ᠲ︾ ᠤᠨ ᠲᠦᠷᠭᠡᠨ ᠲᠤᠰᠬᠠᠯ ᠭᠠᠷᠭᠠᠬᠤ ᠲᠣᠭᠲᠠᠴᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠲᠣᠪᠴᠢᠶ᠎ᠠ ᠶᠢᠨ ᠪᠠᠶᠢᠭᠤᠯᠭ᠎ᠠ ᠶᠢᠨ ᠴᠠᠭᠳᠠᠭᠠᠨ ᠤ ᠬᠦᠴᠦᠨ ᠢ ᠲᠠᠲᠠᠵᠤ ᠨᠢᠭᠡᠳᠦᠭᠡᠷ ᠹᠷᠣᠨᠲ ᠲᠤ ᠪᠠᠭᠤᠯᠭᠠᠵᠤ᠂ | ᠴᠠᠭᠳᠠᠨ ᠲᠣᠭᠤᠷᠢᠵᠤ ᠰᠡᠷᠭᠡᠶᠢᠯᠡᠨ ᠡᠵᠡᠮᠳᠡᠬᠦ ᠠᠵᠢᠯ ᠥᠷᠨᠢᠭᠦᠯᠵᠦ᠂ ᠴᠠᠭᠳᠠᠭᠠᠨ ᠤ ᠬᠦᠴᠦᠨ ᠢ ᠬᠠᠮᠤᠭ ᠤᠨ ᠶᠡᠭᠡ | ᠬᠡᠮᠵᠢᠶ᠎ᠡ ᠪᠠᠷ ᠨᠡᠶᠢᠭᠡᠮ ᠳᠡᠭᠡᠷ᠎ᠡ ᠲᠠᠯᠪᠢᠵᠤ᠂ ᠵᠡᠭᠡᠯᠢ ᠳᠡᠭᠡᠷᠡᠬᠢ ᠴᠠᠭᠳᠠᠭᠠᠨ ᠤ ᠨᠣᠷᠮ᠎ᠠ᠂ ᠬᠡᠷᠡᠭ ᠬᠠᠮᠢᠶᠠᠷᠬᠤ | ᠨᠣᠷᠮ᠎ᠠ ᠶᠢ ᠳᠡᠭᠡᠭᠰᠢᠯᠡᠭᠦᠯᠪᠡ᠃ | | | | | ᠴᠢᠩᠭ᠎ᠠ ᠬᠢᠨᠠᠨ ᠬᠠᠮᠢᠶᠠᠷᠴᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠴᠣᠭᠴᠠᠯᠠᠵᠠᠢ | ︽ᠤᠳᠠᠭᠠᠰᠢᠷᠠᠭᠤᠯᠬᠤ ᠥᠬᠡᠶ ᠶᠠᠪᠤᠳᠠᠯ᠂ ᠠᠶᠤᠯᠲᠠᠶ ᠪᠣᠳᠠᠰ᠂ ᠠᠮᠠᠷᠬᠠᠨ ᠬᠡᠷᠡᠭ ᠭᠠᠷᠬᠤ ᠭᠠᠵᠠᠷ︾ ᠲᠤ | ᠠᠩᠬᠠᠷᠤᠯ ᠢᠶᠠᠨ ᠲᠥᠪᠯᠡᠷᠡᠭᠦᠯᠦᠨ ᠠᠮᠤᠷ ᠲᠦᠪᠰᠢᠨ ᠤ ᠶᠡᠭᠡ ᠪᠠᠶᠢᠴᠠᠭᠠᠯᠲᠠ᠂ ᠳᠠᠯᠳᠠ ᠬᠡᠮ ᠢ ᠴᠡᠭᠴᠡᠯᠡᠨ ᠵᠠᠰᠠᠬᠤ | ᠠᠵᠢᠯ ᠥᠷᠨᠢᠭᠦᠯᠵᠦ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ | ᠣᠯᠠᠨ ᠨᠡᠶᠢᠲᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠤᠸᠠᠷ ᠫᠤᠤᠵᠢᠩ ᠪᠠ | ᠠᠶᠤᠯᠲᠠᠶ ᠳᠡᠯᠪᠡᠷᠡᠬᠦ ᠪᠣᠳᠠᠰ ᠢ ᠬᠠᠤᠯᠢ ᠪᠤᠰᠤ ᠪᠠᠷ ᠬᠠᠳᠠᠭᠠᠯᠠᠵᠤ ᠲᠡᠭᠡᠭᠡᠪᠦᠷᠢᠯᠡᠬᠦ ᠬᠠᠮᠢᠶᠠᠷᠤᠯᠲᠠ ᠶᠢ ᠴᠢᠩᠭᠠᠳᠬᠠᠵᠤ᠂ | ᠣᠯᠠᠨ ᠨᠡᠶᠢᠲᠡ ᠶᠢᠨ ᠵᠤᠭ᠎ᠠ ᠴᠡᠩᠭᠡᠯ ᠤᠨ ᠲᠠᠯᠠᠪᠤᠷ᠂ ᠲᠣᠰᠣ ᠨᠡᠮᠡᠬᠦ ᠥᠷᠲᠡᠭᠡ᠂ ᠲᠦᠷᠢᠶᠡᠰᠦᠯᠡᠭᠦᠯᠬᠦ ᠥᠷᠥᠭᠡ ᠵᠡᠷᠭᠡ | ᠭᠤᠤᠯᠳᠠᠯᠭ᠎ᠠ ᠲᠠᠢ ᠨᠢᠭᠡᠴᠢ ᠪᠠ ᠡᠵᠡᠩᠨᠡᠯᠲᠡ ᠶᠢᠨ ᠲᠠᠯᠠᠪᠤᠷ ᠲᠤ ᠠᠮᠤᠷ ᠲᠦᠪᠰᠢᠨ ᠤ ᠶᠡᠭᠡ ᠪᠠᠶᠢᠴᠠᠭᠠᠯᠲᠠ ᠬᠢᠵᠦ᠂ | ᠭᠤᠤᠯᠳᠠᠯᠭ᠎ᠠ ᠲᠠᠢ ᠬᠡᠰᠡᠭ᠂ ᠵᠤᠭ᠎ᠠ ᠴᠡᠩᠭᠡᠯ ᠤᠨ ᠲᠠᠯᠠᠪᠤᠷ ᠢ ᠢᠯᠭᠠᠷᠠᠭᠤᠯᠤᠨ ᠪᠠᠶᠢᠴᠠᠭᠠᠵᠤ᠂ ᠠᠮᠤᠷ ᠲᠦᠪᠰᠢᠨ ᠤ | ᠳᠠᠯᠳᠠ ᠬᠡᠮ ᠢ ᠴᠡᠭᠴᠡᠯᠡᠨ ᠰᠠᠶᠢᠵᠢᠷᠠᠭᠤᠯᠵᠤ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ | ᠪᠥᠬᠦ ᠲᠠᠯ᠎ᠠ ᠪᠠᠷ ᠪᠠᠬᠢᠵᠢᠭᠦᠯᠪᠡ᠃ | | | | | | | | ᠲᠦᠭᠵᠢᠷᠡᠯ ᠢ ᠰᠠᠭᠠᠳ ᠦᠭᠡᠢ ᠨᠡᠪᠲᠡᠷᠡᠭᠦᠯᠵᠦ ᠵᠠᠮ ᠬᠠᠷᠢᠯᠴᠠᠭ᠎ᠠ ᠶᠢ ᠰᠠᠭᠠᠳ ᠦᠭᠡᠢ ᠨᠡᠪᠲᠡᠷᠡᠭᠦᠯᠬᠦ ᠳᠤ | ᠬᠦᠴᠦᠨ ᠨᠡᠮᠡᠷᠢᠯᠡᠪᠡ | ᠰᠠᠷ᠎ᠠ ᠰᠢᠨᠡᠳ ᠤᠨ ᠬᠤᠭᠤᠴᠠᠭᠠᠨ ᠳᠤ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠵᠠᠮ | ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠤᠳ ᠪᠠᠲᠤ ᠰᠠᠬᠢᠵᠤ᠂ ᠪᠥᠬᠦ ᠲᠠᠯ᠎ᠠ ᠪᠠᠷ ᠦᠢᠯᠡᠴᠢᠯᠡᠨ᠂ ᠠᠮᠤᠷ | ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠰᠠᠭᠠᠳ ᠥᠬᠡᠶ ᠨᠡᠪᠲᠡᠷᠡᠬᠦ ᠶᠢ ᠪᠠᠲᠤᠯᠠᠪᠠ᠃ ᠬᠤᠲᠠ ᠶᠢᠨ | ᠲᠣᠭᠤᠷᠢᠭ᠂ ᠦᠵᠡᠮᠵᠢ ᠶᠢᠨ ᠣᠷᠣᠨ᠂ ᠬᠥᠳᠡᠭᠡ ᠲᠣᠰᠬᠤᠨ ᠵᠡᠷᠭᠡ ᠭᠤᠤᠯᠳᠠᠯᠭ᠎ᠠ ᠲᠠᠢ ᠵᠠᠮ ᠤᠨ ᠲᠦᠭᠵᠢᠷᠡᠯ ᠢ | ᠨᠡᠪᠲᠡᠷᠡᠭᠦᠯᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ᠂ | ᠵᠠᠮ ᠤᠨ ᠪᠠᠶᠢᠳᠠᠯ ᠤᠨ ᠮᠡᠳᠡᠭᠡ ᠵᠠᠩᠭᠢ ᠪᠠ ᠵᠠᠮ ᠢ ᠵᠠᠬᠢᠷᠤᠨ ᠬᠠᠮᠢᠶᠠᠷᠴᠤ ᠪᠠᠶᠢᠭ᠎ᠠ ᠪᠠᠶᠢᠳᠠᠯ ᠢ ᠴᠠᠭ ᠲᠤᠬᠠᠶ ᠳᠤᠨᠢ | ᠨᠡᠶᠢᠲᠡᠯᠡᠵᠦ᠂ ᠣᠯᠠᠨ ᠲᠦᠮᠡᠨ ᠤ ᠠᠮᠤᠷ ᠲᠦᠪᠰᠢᠨ ᠰᠠᠭᠠᠳ ᠥᠬᠡᠶ ᠶᠠᠪᠤᠵᠤ ᠰᠠᠭᠤᠬᠤ ᠶᠢ ᠪᠥᠬᠦ ᠲᠠᠯ᠎ᠠ ᠪᠠᠷ | ᠬᠠᠮᠠᠭᠠᠯᠠᠵᠠᠢ᠃ | | | | | |