ᠰᠢ ᠶᠢᠨ ᠫᠢᠩ ᠬᠠᠷᠪᠢᠨ ᠳᠤ ᠶᠠᠪᠤᠭᠳᠠᠬᠤ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠶᠢᠨ ᠬᠠᠮᠲᠤ ᠭᠠᠳᠠᠭᠠᠳᠤ ᠶᠠᠪᠤᠳᠠᠯ ᠤᠨ ᠠᠵᠢᠯᠯᠠᠭ᠎ᠠ ᠥᠷᠨᠢᠭᠦᠯᠬᠦ ᠪᠣᠯᠣᠨ᠎ᠠ
ᠨᠡᠶᠢᠲᠡᠯᠡᠭᠰᠡᠨ ᠴᠠᠭ᠄
2025/2/8
          ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 6 ᠤ ᠴᠠᠭᠢᠯᠭᠠᠨ ᠮᠡᠳᠡᠭᠡ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ 2 ᠰᠠᠷ᠎ᠠ ᠶᠢᠨ 7 ᠤ ᠣᠷᠣᠢ ᠬᠠᠷᠠᠮᠥ᠋ᠷᠡᠨ ᠮᠤᠵᠢ ᠶᠢᠨ ᠬᠠᠷᠪᠢᠨ ᠬᠤᠲᠠ ᠳᠤ ᠶᠠᠪᠤᠭᠳᠠᠨ᠎ᠠ᠃ ᠤᠯᠤᠰ ᠤᠨ ᠲᠡᠷᠢᠭᠦᠯᠡᠭᠴᠢ ᠰᠢ ᠶᠢᠨ ᠫᠢᠩ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠶᠢᠨ ᠬᠠᠮᠲᠤ ᠲᠤᠰ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠡᠬᠢᠯᠡᠭᠰᠡᠨ ᠢ ᠵᠠᠷᠯᠠᠨ᠎ᠠ᠃        7 ᠤ ᠦᠳᠡ ᠳᠤ᠂ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠲᠤ ᠢᠷᠡᠵᠦ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠭᠠᠳᠠᠭᠠᠳᠤ ᠤᠯᠤᠰ ᠤᠨ ᠤᠳᠤᠷᠢᠳᠬᠤ ᠬᠥᠮᠥᠰ ᠢ ᠤᠭᠲᠤᠬᠤ ᠳᠠᠶᠢᠯᠠᠯᠭ᠎ᠠ ᠬᠢᠨ᠎ᠡ᠃        ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠭᠠᠳᠠᠭᠠᠳᠤ ᠤᠯᠤᠰ ᠤᠨ ᠤᠳᠤᠷᠢᠳᠬᠤ ᠬᠥᠮᠥᠰ ᠲᠤ᠄ ᠪᠷᠦ᠋ᠨ᠋ᠸᠢ ᠶᠢᠨ ᠰᠦᠳᠠᠨ ᠬᠠᠰᠠᠩᠨᠠᠷ᠂ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ᠂ ᠫᠠᠺᠢᠰᠲ᠋ᠠᠨ ᠤ ᠶᠡᠷᠦᠩᠬᠡᠶᠢᠯᠡᠭᠴᠢ ᠵᠠᠷᠳᠠᠯᠢ᠂ ᠲᠠᠢ ᠤᠯᠤᠰ ᠤᠨ ᠶᠡᠷᠦᠩᠬᠡᠢ ᠰᠠᠶᠢᠳ ᠫᠸᠢᠢᠲ᠋ᠦ᠋ᠩᠲ᠋ᠠᠨ᠂ ᠺᠤᠷᠢᠶᠠ ᠶᠢᠨ ᠤᠯᠤᠰ ᠤᠨ ᠬᠤᠷᠠᠯ ᠤᠨ ᠵᠥᠪᠯᠡᠯᠭᠡᠨ ᠤ ᠳᠠᠷᠤᠭ᠎ᠠ ᠢᠦᠢ ᠶᠤᠸᠠᠨ ᡁᠢ ᠨᠠᠷ ᠪᠤᠢ᠃        ᠲᠤᠬᠠᠢ ᠶᠢᠨ ᠦᠶ᠎ᠡ ᠳᠤ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠠᠴᠠ ᠡᠭᠢᠯᠡᠯᠲᠡ ᠶᠢᠨ ᠶᠣᠰᠣᠯᠠᠯ ᠢ ᠠᠬᠤᠢ ᠲᠠᠯᠠᠪᠠᠶ ᠶᠢᠨ ᠰᠢᠭᠤᠳ ᠨᠡᠪᠲᠡᠷᠡᠭᠦᠯᠭᠡ ᠬᠢᠵᠦ᠂ ᠰᠢᠨᠬᠤᠸᠠ ᠰᠦᠯᠵᠢᠶ᠎ᠡ ᠭᠡᠷᠡᠯ ᠵᠢᠷᠤᠭ ᠥᠰᠥᠭ ᠪᠢᠴᠢᠭ ᠤᠨ ᠰᠢᠭᠤᠳ ᠨᠡᠪᠲᠡᠷᠡᠭᠦᠯᠭᠡ ᠬᠢᠨ᠎ᠡ᠃         
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号