| | ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 6 ᠤ ᠴᠠᠭᠢᠯᠭᠠᠨ ᠮᠡᠳᠡᠭᠡ 2 ᠰᠠᠷ᠎ᠠ ᠶᠢᠨ 6 ᠤ | ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠲᠠᠢ ᠤᠯᠤᠰ ᠤᠨ ᠶᠡᠷᠦᠩᠬᠡᠢ | ᠰᠠᠶᠢᠳ ᠫᠸᠢᠢᠲ᠋ᠦ᠋ᠩᠲ᠋ᠠᠨ ᠲᠠᠢ ᠠᠭᠤᠯᠵᠠᠪᠠ᠃ | | | | | | 2 ᠰᠠᠷ᠎ᠠ ᠶᠢᠨ 6 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ | ᠢᠷᠡᠭᠰᠡᠨ ᠲᠠᠢ ᠤᠯᠤᠰ ᠤᠨ ᠶᠡᠷᠦᠩᠬᠡᠢ ᠰᠠᠶᠢᠳ ᠫᠸᠢᠢᠲ᠋ᠦ᠋ᠩᠲ᠋ᠠᠨ ᠲᠠᠢ ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢᠦ ᠸᠧᠢ ᠪᠢᠩ ᠰᠡᠭᠦᠳᠡᠷᠯᠡᠪᠡ | | ᠰᠢ ᠶᠢᠨ ᠫᠢᠩ᠂ ᠳᠤᠮᠳᠠᠳᠤ ᠪᠠ ᠲᠠᠢ ᠬᠤᠶᠠᠷ ᠤᠯᠤᠰ ᠤᠨ ᠨᠥᠭᠦᠷᠰᠡᠭ ᠬᠠᠷᠢᠯᠴᠠᠭ᠎ᠠ ᠮᠢᠩᠭᠠᠨ ᠵᠢᠯ | ᠤᠯᠠᠮᠵᠢᠯᠠᠭᠳᠠᠵᠤ᠂ ︽ᠳᠤᠮᠳᠠᠳᠤ ᠪᠠ ᠲᠠᠢ ᠤᠯᠤᠰ ᠪᠣᠯ ᠨᠢᠭᠡ ᠭᠡᠷ ᠮᠡᠲᠦ ᠳᠣᠲᠣᠨᠣ︾ ᠪᠠᠶᠢᠬᠤ ᠨᠢ ᠶᠠᠪᠤᠬᠤ ᠲᠤᠲᠤᠮ | ᠭᠦᠨᠵᠡᠭᠡᠶᠢᠷᠡᠵᠦ ᠪᠠᠶᠢᠨ᠎ᠠ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠬᠠᠭᠠᠰ ᠵᠠᠭᠤᠨ ᠤ ᠲᠤᠷᠰᠢ᠂ ᠬᠤᠶᠠᠷ ᠤᠯᠤᠰ | ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠪᠠᠷ ᠬᠠᠨᠳᠤᠯᠴᠠᠬᠤ᠂ ᠴᠢᠩ ᠦᠨᠡᠨᠴᠢ ᠪᠠᠷ ᠢᠲᠡᠭᠡᠯᠴᠡᠬᠦ᠂ ᠰᠠᠬᠢᠨ ᠪᠠᠷᠠᠯᠠᠵᠥ | ᠬᠠᠷᠢᠯᠴᠠᠨ ᠬᠠᠪᠰᠤᠷᠤᠯᠴᠠᠬᠤ ᠶᠢ ᠪᠠᠷᠢᠮᠲᠠᠯᠠᠵᠤ᠂ ᠨᠦᠭᠦᠭᠡ ᠡᠲᠡᠭᠡᠳ ᠤᠨ ᠢᠶᠠᠨ ᠤᠯᠤᠰ ᠤᠨ ᠡᠷᠬᠡ ᠮᠡᠳᠡᠯ᠂ ᠠᠮᠤᠷ | ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠬᠠᠮᠠᠭᠠᠯᠠᠬᠤ ᠶᠢ ᠢᠮᠠᠭᠲᠠ ᠡᠷᠡᠰ ᠳᠡᠮᠵᠢᠭᠰᠡᠭᠡᠷ ᠢᠷᠡᠪᠡ᠃ ᠡᠨᠡ ᠵᠢᠯ | ᠪᠣᠯ ᠳᠤᠮᠳᠠᠳᠤ ᠪᠠ ᠲᠠᠢ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠵᠢᠴᠢ ︽ᠳᠤᠮᠳᠠᠳᠤ | ᠤᠯᠤᠰ ᠬᠢᠭᠡᠳ ᠲᠠᠢ ᠤᠯᠤᠰ ᠤᠨ ᠨᠥᠬᠦᠷᠯᠡᠯ ᠤᠨ ᠰᠢᠵᠢᠷ ᠠᠯᠳᠠᠨ 50 ᠵᠢᠯ︾ ᠪᠣᠯᠣᠨ᠎ᠠ᠂ ᠬᠤᠶᠠᠷ ᠲᠠᠯ᠎ᠠ ᠪᠠᠷ ᠢᠶᠠᠨ | ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ᠂ ᠭᠠᠷ ᠬᠤᠯᠪᠣᠨ ᠤᠷᠤᠭᠰᠢᠯᠠᠵᠤ᠂ ᠳᠤᠮᠳᠠᠳᠤ ᠪᠠ ᠲᠠᠢ | ᠬᠤᠶᠠᠷ ᠤᠯᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠭᠦᠨᠵᠡᠭᠡᠶᠢᠷᠡᠨ | ᠪᠣᠳᠠᠲᠠᠶᠢᠵᠢᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠴᠦ᠂ ᠭᠠᠵᠠᠷ | ᠣᠷᠣᠨ ᠪᠠ ᠳᠡᠯᠡᠬᠡᠢ ᠳ᠋ᠠᠬᠢᠨ ᠳᠤ ᠨᠡᠩ ᠤᠯᠠᠨ ᠠᠰᠢᠭ ᠬᠦᠷᠲᠡᠭᠡᠶ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢᠨ ᠡᠮᠦᠨ᠎ᠡ᠂ ᠳᠤᠮᠳᠠᠳᠤ | ᠪᠠ ᠲᠠᠢ ᠤᠯᠤᠰ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠬᠠᠷᠢᠯᠴᠠᠨ | ᠡᠷᠡᠰ ᠳᠡᠮᠵᠢᠯᠴᠡᠵᠦ᠂ ᠳᠤᠮᠳᠠᠳᠤ ᠪᠠ ᠲᠠᠢ ᠬᠤᠶᠠᠷ ᠤᠯᠤᠰ ᠤᠨ ᠬᠠᠷᠢᠯᠴᠠᠭᠠᠨ ᠤ ᠲᠣᠭᠲᠠᠪᠤᠷᠢᠲᠤ ᠴᠢᠨᠠᠷ ᠪᠣᠯᠣᠨ | ᠲᠣᠬᠲᠠᠭᠠᠯᠲᠤ ᠴᠢᠨᠠᠷ ᠢᠶᠠᠷ ᠭᠠᠳᠠᠭᠠᠳᠤ ᠣᠷᠴᠢᠨ ᠤ ᠲᠣᠬᠲᠠᠭᠠᠯᠲᠤ ᠪᠤᠰᠤ ᠴᠢᠨᠠᠷ ᠢ ᠠᠷᠭᠠᠴᠠᠭᠠᠶ᠎ᠠ᠃ ᠳᠤᠮᠳᠠᠳᠤ ᠤᠯᠤᠰ | ᠳᠤᠷᠠᠲᠠᠶ᠎ᠠ ᠲᠠᠢ ᠤᠯᠤᠰ ᠯᠤᠭ᠎ᠠ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠᠨ ᠵᠣᠯᠭᠠᠭᠤᠯᠵᠤ᠂ ᠬᠠᠷᠢᠯᠴᠠᠨ ᠠᠰᠢᠭᠲᠠᠢ | ᠬᠠᠮᠲᠤᠷᠠᠯᠴᠠᠭ᠎ᠠ ᠪᠠᠨ ᠥᠷᠭᠡᠳᠬᠡᠵᠦ᠂ ᠳᠤᠮᠳᠠᠳᠤ ᠪᠠ ᠲᠠᠢ ᠬᠤᠶᠠᠷ ᠤᠯᠤᠰ ᠤᠨ ᠲᠡᠮᠦᠷ ᠵᠠᠮ ᠵᠡᠷᠭᠡ ᠳᠠᠭᠠᠭᠤᠯᠤᠭᠴᠢ | ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ ᠳᠤᠮᠳᠠᠳᠤ ᠤᠯᠤᠰ ᠯᠠᠤᠰ ᠪᠠ ᠲᠠᠢ ᠤᠯᠤᠰ ᠤᠨ ᠬᠤᠯᠪᠣᠯᠳᠤᠨ | ᠨᠡᠪᠲᠡᠷᠡᠯᠴᠡᠵᠦ ᠬᠥᠭᠵᠢᠬᠦ ᠪᠣᠳᠣᠯᠬᠢᠯᠠᠯ ᠤᠨ ᠡᠷᠲᠡᠬᠡᠨ ᠨᠠᠩ ᠣᠯᠠᠨ ᠦᠷ᠎ᠡ ᠪᠦᠲᠦᠭᠡᠯ ᠣᠯᠬᠤ ᠶᠢ ᠠᠬᠢᠭᠤᠯᠤᠶ᠎ᠠ᠃ | ᠲᠣᠭᠠᠴᠢᠯᠠᠭᠰᠠᠨ ᠠᠵᠤ ᠠᠬᠤᠢ᠂ ᠰᠢᠨ᠎ᠡ ᠡᠨᠧᠷᠭᠢ ᠶᠢᠨ ᠮᠠᠰᠢᠨ ᠲᠡᠷᠭᠡ ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠳᠠᠬᠢ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠨᠡᠩ ᠲᠣᠭᠲᠠᠭᠤᠨ ᠰᠠᠭᠠᠳ ᠦᠭᠡᠢ ᠨᠡᠪᠲᠡᠷᠡᠬᠦ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢ ᠭᠠᠷ ᠬᠤᠯᠪᠣᠨ ᠴᠣᠭᠴᠠᠯᠠᠶ᠎ᠠ᠃ ᠳᠤᠮᠳᠠᠳᠤ ᠶᠢᠨ ᠲᠠᠯ᠎ᠠ ᠶᠢᠨ ᠬᠢᠨ ᠲᠠᠢ ᠤᠯᠤᠰ ᠤᠨ | ᠬᠦᠴᠦᠲᠡᠢ ᠠᠷᠭ᠎ᠠ ᠬᠡᠮᠵᠢᠶ᠎ᠡ ᠠᠪᠴᠤ ᠰᠦᠯᠵᠢᠶᠡᠨ ᠳᠡᠭᠡᠷ᠎ᠡ ᠵᠣᠭᠤᠰ ᠮᠥᠷᠦ᠋ᠢᠴᠡᠬᠦ ᠴᠠᠭᠢᠯᠭᠠᠨ ᠴᠢᠮᠡᠭᠡ ᠬᠤᠯᠪᠤᠭ᠎ᠠ ᠶᠢᠨ | ᠮᠡᠬᠡᠯᠡᠯ ᠤᠨ ᠠᠵᠢᠯᠯᠠᠭ᠎ᠠ ᠳᠤ ᠴᠣᠬᠢᠯᠲᠠ ᠥᠭᠴᠦ ᠪᠠᠶᠢᠬᠤ ᠶᠢ ᠮᠠᠭᠲᠠᠨ ᠰᠠᠶᠢᠰᠢᠶᠠᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ | ᠬᠠᠤᠯᠢ ᠬᠡᠷᠡᠭᠵᠢᠭᠦᠯᠬᠦ ᠠᠮᠤᠷ ᠲᠦᠪᠰᠢᠨ ᠪᠣᠯᠣᠨ ᠬᠠᠤᠯᠢ ᠴᠠᠭᠠᠵᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ | ᠴᠢᠩᠭᠠᠳᠬᠠᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ ᠭᠠᠵᠠᠷ | ᠣᠷᠣᠨ ᠤ ᠤᠯᠤᠰ ᠤᠳ ᠤᠨ ᠶᠠᠪᠤᠯᠴᠠᠭ᠎ᠠ ᠬᠠᠮᠲᠤᠷᠠᠯᠴᠠᠭᠠᠨ ᠤ ᠡᠮᠬᠢ ᠳᠢᠭᠯᠢᠮ ᠢ ᠬᠠᠮᠠᠭᠠᠯᠠᠶ᠎ᠠ᠃ ᠬᠠᠷᠢᠯᠴᠠᠨ | ᠣᠶᠢᠯᠠᠭᠠᠯᠴᠠᠵᠤ ᠬᠠᠷᠢᠯᠴᠠᠨ ᠳᠣᠲᠣᠨᠣᠴᠢᠯᠠᠬᠤ ᠪᠠᠨ ᠭᠦᠨᠵᠡᠭᠡᠶᠢᠷᠡᠭᠦᠯᠵᠦ᠂ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 | ᠵᠢᠯ ᠤᠨ ᠤᠢ ᠶᠢ ᠪᠡᠯᠭᠡᠯᠡᠬᠦ ᠪᠠᠶᠠᠯᠢᠭ ᠰᠠᠶᠢᠬᠠᠨ ᠠᠵᠢᠯᠯᠠᠭ᠎ᠠ ᠶᠢ ᠬᠠᠮᠲᠤ ᠪᠠᠷ ᠡᠷᠭᠢᠯᠡᠵᠦ᠂ ᠬᠥᠮᠥᠰ ᠤᠨ ᠰᠡᠳᠬᠢᠯ ᠢ | ᠳᠤᠯᠠᠭᠠᠴᠠᠭᠤᠯᠬᠤ᠂ ᠠᠷᠠᠳ ᠲᠤ ᠠᠰᠢᠭ ᠬᠦᠷᠲᠡᠭᠡᠬᠦ ᠨᠡᠩ ᠤᠯᠠᠨ ᠢᠨᠵᠧᠨᠧᠷᠢᠩ ᠢ ᠪᠠᠶᠢᠭᠤᠯᠵᠤ᠂ ᠳᠤᠮᠳᠠᠳᠤ ᠪᠠ ᠲᠠᠢ | ᠬᠤᠶᠠᠷ ᠤᠯᠤᠰ ᠤᠨ ᠨᠥᠬᠦᠷᠯᠡᠯ ᠢ ᠬᠥᠮᠥᠰ ᠤᠨ ᠰᠡᠳᠬᠢᠯ ᠳᠤ ᠭᠦᠨ ᠬᠠᠳᠠᠩᠰᠢᠭᠤᠯᠵᠤ᠂ ᠦᠶ᠎ᠡ ᠶᠢᠨ ᠦᠶ᠎ᠡ ᠳᠤ | ᠤᠯᠠᠮᠵᠢᠯᠠᠶ᠎ᠠ᠃ ᠳᠤᠮᠳᠠᠳᠤ ᠶᠢᠨ ᠲᠠᠯ᠎ᠠ ᠬᠢᠨ ᠲᠠᠢ ᠤᠯᠤᠰ ᠤᠨ ᠯᠠᠨᠼᠠᠩᠵᠢᠶᠠᠩ ᠮᠥᠷᠡᠨ ᠮᠸᠢᠢᠭᠤᠩ ᠮᠥᠷᠡᠨ ᠤ | ᠬᠠᠮᠲᠤᠷᠠᠯᠴᠠᠭᠠᠨ ᠤ ᠬᠠᠮᠲᠤ ᠶᠢᠨ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠬᠦ ᠶᠢ ᠲᠡᠮᠵᠢᠵᠥ᠂ ᠲᠠᠢ ᠤᠯᠤᠰ ᠤᠨ ᠠᠯᠳᠠᠨ | ᠲᠣᠭᠤᠰᠭ᠋᠎ᠠ ᠤᠯᠤᠰ ᠤᠳ ᠤᠨ ᠬᠠᠨᠢᠲᠠᠨ ᠤᠯᠤᠰ ᠪᠣᠯᠤᠭᠰᠠᠨ ᠳᠤ ᠪᠠᠶᠠᠷ ᠬᠦᠷᠭᠡᠵᠦ ᠪᠠᠶᠢᠨ᠎ᠠ᠂ ᠳᠤᠷᠠᠲᠠᠶ᠎ᠠ ᠲᠠᠢ | ᠤᠯᠤᠰ ᠯᠤᠭ᠎ᠠ ᠣᠯᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ | ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ | ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ | ᠪᠦᠯᠬᠦᠮᠳᠡᠯ ᠬᠠᠮᠲᠤᠷᠠᠯᠴᠠᠭ᠎ᠠ ᠶᠢ ᠴᠢᠩᠭᠠᠳᠬᠠᠵᠤ᠂ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠵᠤ᠂ ᠬᠠᠮᠲᠤ ᠶᠢᠨ | ᠬᠥᠭᠵᠢᠯᠲᠡ ᠶᠢ ᠠᠬᠢᠭᠤᠯᠤᠶ᠎ᠠ ᠭᠡᠵᠦ ᠴᠢᠬᠤᠯᠠᠴᠢᠯᠠᠪᠠ᠃ | ᠫᠸᠢᠢᠲ᠋ᠦ᠋ᠩᠲ᠋ᠠᠨ᠂ ︽ ᠲᠠᠢ ᠤᠯᠤᠰ ᠬᠢᠭᠡᠳ ᠳᠤᠮᠳᠠᠳᠤ ᠤᠯᠤᠰ ᠤᠨ ᠨᠥᠬᠦᠷᠯᠡᠯ ᠤᠨ ᠰᠢᠵᠢᠷ ᠠᠯᠳᠠᠨ 50 ᠵᠢᠯ︾ | ᠬᠦᠷᠴᠦ ᠢᠷᠡᠬᠦ ᠲᠠᠰᠢᠷᠠᠮ ᠢᠶᠠᠷ ᠳᠤᠮᠳᠠᠳᠤ ᠤᠯᠤᠰ ᠲᠤ ᠠᠶᠢᠯᠴᠢᠯᠠᠵᠤ ᠪᠠᠶᠢᠬᠤ ᠳᠠᠭᠠᠨ ᠮᠠᠰᠢ ᠪᠠᠶᠠᠷ ᠲᠠᠢ ᠪᠠᠶᠢᠨ᠎ᠠ᠃ 50 | ᠵᠢᠯ ᠤᠨ ᠲᠤᠷᠰᠢ᠂ ᠲᠠᠢ ᠤᠯᠤᠰ ᠳᠤᠮᠳᠠᠳᠤ ᠤᠯᠤᠰ ᠤᠨ ᠬᠠᠷᠢᠯᠴᠠᠭ᠎ᠠ ᠰᠠᠯᠬᠢ ᠪᠣᠷᠣᠭᠠᠨ ᠢ ᠲᠤᠭᠤᠯᠵᠤ᠂ ᠢᠮᠠᠭᠲᠠ ᠰᠠᠬᠢᠨ | ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠠᠮᠲᠤ ᠪᠠᠷ ᠬᠥᠭᠵᠢᠵᠦ᠂ ᠢᠮᠠᠭᠲᠠ ᠬᠠᠷᠢᠯᠴᠠᠨ ᠢᠲᠡᠭᠡᠯᠴᠡᠵᠦ᠂ ᠲᠤᠰ | ᠲᠤᠰ ᠤᠨ ᠭᠤᠣᠯᠯᠠᠭᠴᠢ ᠠᠰᠢᠭ ᠲᠤᠰᠠ ᠶᠢ ᠭᠦᠨᠳᠦᠳᠭᠡᠵᠦ᠂ ᠣᠨᠴᠠᠭᠠᠢ ᠨᠥᠭᠦᠷᠰᠡᠭ ᠬᠠᠮᠲᠤᠷᠠᠯᠴᠠᠭᠠᠨ ᠤ ᠬᠠᠷᠢᠯᠴᠠᠭ᠎ᠠ ᠶᠢ | ᠪᠠᠶᠢᠭᠤᠯᠪᠠ᠃ ᠲᠠᠢ ᠤᠯᠤᠰ ᠤᠨ ᠬᠢᠨ ᠨᠢᠭᠡ ᠳᠤᠮᠳᠠᠳᠤ ᠤᠯᠤᠰ ᠪᠠᠶᠢᠬᠤ ᠲᠥᠷᠥ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ | ᠳᠤᠮᠳᠠᠳᠤ ᠤᠯᠤᠰ ᠯᠤᠭ᠎ᠠ ᠬᠠᠮᠲᠤ ᠪᠠᠷ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠴᠢᠩᠭᠠᠳᠬᠠᠵᠤ᠂ ᠬᠤᠯᠪᠣᠯᠳᠤᠨ | ᠨᠡᠪᠲᠡᠷᠡᠯᠴᠡᠬᠦ᠂ ᠠᠵᠤ ᠠᠬᠤᠢ ᠠᠷᠠᠯᠵᠢᠶ᠎ᠠ᠂ ᠬᠥᠳᠡᠭᠡ ᠠᠵᠤ ᠠᠬᠤᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ | ᠨᠢᠭᠲᠠᠷᠠᠭᠤᠯᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ᠂ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠠᠬᠢᠭᠤᠯᠵᠤ᠂ | ᠡᠩᠬᠡ ᠲᠠᠶᠢᠪᠤᠩ ᠢ ᠬᠠᠮᠲᠤ ᠪᠠᠷ ᠡᠳ᠋ᠯᠡᠬᠦ᠂ ᠬᠠᠮᠲᠤ ᠪᠠᠷ ᠴᠡᠴᠡᠭᠯᠡᠨ ᠬᠥᠭᠵᠢᠬᠦ ᠲᠠᠷᠠᠭᠠᠴᠢ ᠶᠢᠨ 50 ᠵᠢᠯ ᠢ ᠡᠬᠢᠯᠡᠭᠦᠯᠵᠦ᠂ | ᠦᠷ᠎ᠡ ᠬᠤᠶᠢᠴᠢᠰ ᠲᠠᠭᠠᠨ ᠪᠤᠶᠠᠨ ᠦᠢᠯᠡᠳᠬᠦ ᠶᠢ ᠬᠦᠰᠡᠵᠦ ᠪᠠᠶᠢᠨ᠎ᠠ᠃ ᠲᠠᠢ ᠤᠯᠤᠰ ᠤᠨ ᠬᠢᠨ ᠳᠤᠷᠠᠲᠠᠶ᠎ᠠ ᠳᠤᠮᠳᠠᠳᠤ | ᠤᠯᠤᠰ ᠪᠣᠯᠣᠨ ᠪᠤᠰᠤᠳ ᠬᠥᠷᠰᠢ ᠵᠡᠷᠭᠡᠯᠡᠳᠡᠭᠡ ᠤᠯᠤᠰ ᠯᠤᠭ᠎ᠠ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠪᠠᠨ ᠴᠢᠩᠭᠠᠳᠬᠠᠵᠤ | ᠂ ᠡᠷᠡᠰ ᠰᠢᠭᠤᠷᠬᠠᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠰᠦᠯᠵᠢᠶᠡᠨ ᠳᠡᠭᠡᠷ᠎ᠡ ᠵᠣᠭᠤᠰ ᠮᠥᠷᠦ᠋ᠢᠴᠡᠬᠦ ᠴᠠᠭᠢᠯᠭᠠᠨ | ᠴᠢᠮᠡᠭᠡ ᠬᠤᠯᠪᠤᠭ᠎ᠠ ᠶᠢᠨ ᠮᠡᠬᠡᠯᠡᠯ ᠵᠡᠷᠭᠡ ᠬᠢᠯᠢ ᠠᠯᠤᠰᠯᠠᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠭᠦᠨ᠎ᠡ᠃ ᠤᠯᠠᠨ | ᠤᠯᠤᠰ ᠤᠨ ᠬᠡᠷᠡᠭ ᠶᠠᠪᠤᠳᠠᠯ ᠳᠤ ᠳᠤᠮᠳᠠᠳᠤ ᠤᠯᠤᠰ ᠢᠮᠠᠭᠲᠠ ᠬᠠᠷᠢᠭᠤᠴᠠᠯᠭ᠎ᠠ ᠲᠠᠢ ᠲᠣᠮᠣ ᠤᠯᠤᠰ ᠤᠨ ᠦᠢᠯᠡᠳᠦᠯ ᠢᠶᠠᠨ | ᠪᠠᠳᠠᠷᠠᠭᠤᠯᠵᠤ᠂ ᠬᠥᠭᠵᠢᠵᠦ ᠪᠠᠶᠢᠭ᠎ᠠ ᠤᠯᠤᠰ ᠤᠨ ᠠᠰᠢᠭ ᠲᠤᠰᠠ ᠶᠢ ᠡᠷᠡᠰ ᠬᠠᠮᠠᠭᠠᠯᠠᠪᠠ᠂ ᠲᠠᠢ ᠤᠯᠤᠰ ᠤᠨ ᠬᠢᠨ | ᠳᠤᠷᠠᠲᠠᠶ᠎ᠠ ᠳᠤᠮᠳᠠᠳᠤ ᠤᠯᠤᠰ ᠯᠤᠭ᠎ᠠ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠪᠦᠭᠦ ᠪᠥᠮᠪᠥᠷᠴᠡᠭ ᠤᠨ | ᠴᠢᠨᠠᠷᠲᠠᠢ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠨ᠎ᠠ ᠭᠡᠵᠦ ᠢᠯᠡᠳᠬᠡᠪᠡ᠃ | ᠸᠠᠩ ᠢ ᠠᠭᠤᠯᠵᠠᠯᠲᠠ ᠳᠤ ᠣᠷᠣᠯᠴᠠᠵᠠᠢ᠃ | |