ᠰᠢ ᠶᠢᠨ ᠫᠢᠩ ᠳᠡᠯᠡᠬᠡᠢ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠥᠪᠯᠡᠯ ᠤᠨ ᠲᠡᠷᠢᠭᠦᠯᠡᠭᠴᠢ ᠪᠠᠾᠧ ᠲᠠᠢ ᠠᠭᠤᠯᠵᠠᠪᠠ
ᠨᠡᠶᠢᠲᠡᠯᠡᠭᠰᠡᠨ ᠴᠠᠭ᠄
2025/2/8
    
巴赫1.jpg
        2 ᠰᠠᠷ᠎ᠠ ᠶᠢᠨ 7 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠷᠪᠢᠨ ᠳᠤ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠳᠡᠯᠡᠬᠡᠢ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠥᠪᠯᠡᠯ ᠤᠨ ᠲᠡᠷᠢᠭᠦᠯᠡᠭᠴᠢ ᠪᠠᠾᠧ ᠲᠠᠢ ᠠᠭᠤᠯᠵᠠᠪᠠ᠃        ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠳ᠋ᠢᠩ ᠬᠠᠢ ᠲᠣᠣ ᠰᠡᠭᠦᠳᠡᠷᠯᠡᠪᠡ        ᠰᠢᠨᠬᠤᠸᠠ ᠬᠤᠷᠢᠶ᠎ᠠ ᠶᠢᠨ ᠬᠠᠷᠪᠢᠨ ᠤ 2 ᠰᠠᠷ᠎ᠠ ᠶᠢᠨ 7 ᠤ ᠴᠠᠭᠢᠯᠭᠠᠨ ᠮᠡᠳᠡᠭᠡ 2 ᠰᠠᠷ᠎ᠠ ᠶᠢᠨ 7 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠷᠪᠢᠨ ᠳᠤ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠳᠡᠯᠡᠬᠡᠢ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠥᠪᠯᠡᠯ ᠤᠨ ᠲᠡᠷᠢᠭᠦᠯᠡᠭᠴᠢ ᠪᠠᠾᠧ ᠲᠠᠢ ᠠᠭᠤᠯᠵᠠᠪᠠ᠃        ᠰᠢ ᠶᠢᠨ ᠫᠢᠩ᠂ ᠣᠶᠢᠷ᠎ᠠ ᠶᠢᠨ ᠵᠢᠯ ᠠᠴᠠ ᠳᠤᠮᠳᠠᠳᠤ ᠤᠯᠤᠰ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠴᠧᠩᠳᠦ᠋ ᠶᠢᠨ ᠣᠶᠤᠲᠠᠳ ᠤᠨ ᠲᠠᠮᠢᠷ ᠤᠨ ᠴᠤᠭᠯᠠᠭᠠᠨ᠂ ᠬᠠᠩᠵᠧᠦ ᠶᠢᠨ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠵᠦ᠂ ᠡᠨᠡ ᠣᠷᠣᠢ ᠬᠠᠷᠪᠢᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠤᠭᠲᠤᠬᠤ ᠪᠣᠯᠣᠨ᠎ᠠ᠃ ᠡᠳᠡᠭᠡᠷ ᠴᠢᠬᠤᠯᠠ ᠶᠡᠭᠡ ᠪᠡᠶ᠎ᠡ ᠶᠢᠨ ᠲᠠᠮᠢᠷ ᠤᠨ ᠤᠷᠤᠯᠳᠤᠭᠠᠨ ᠨᠢ ᠴᠥᠮ ᠳᠤᠮᠳᠠᠳᠤ ᠤᠯᠤᠰ ᠪᠣᠯᠣᠨ ᠳᠡᠯᠡᠬᠡᠢ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠥᠪᠯᠡᠯ ᠤᠨ ᠨᠢᠭᠲᠠ ᠬᠠᠮᠲᠤᠷᠠᠯᠴᠠᠭ᠎ᠠ ᠶᠢ ᠬᠠᠷᠠᠭᠤᠯᠵᠤ ᠪᠠᠶᠢᠨ᠎ᠠ᠃ ᠣᠯᠢᠮᠫᠢᠺ ᠤᠨ ᠵᠣᠷᠢᠭ ᠰᠠᠨᠠᠭ᠎ᠠ ᠪᠣᠯ ᠬᠥᠮᠥᠨ ᠲᠥᠷᠥᠯᠬᠢᠲᠡᠨ ᠤ ᠪᠣᠯᠪᠠᠰᠤᠨ ᠤ ᠴᠢᠬᠤᠯᠠ ᠪᠦᠷᠢᠯᠳᠦᠭᠦᠨ ᠬᠡᠰᠡᠭ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠬᠠᠷᠠᠯᠲᠠ ᠪᠣᠯᠣᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤᠮᠳᠠᠳᠤ ᠤᠯᠤᠰ ᠤᠨ ᠬᠦᠰᠡᠯ ᠡᠷᠡᠮᠡᠯᠵᠡᠯ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ᠃ ᠳᠤᠮᠳᠠᠳᠤ ᠤᠯᠤᠰ ᠣᠯᠢᠮᠫᠢᠺ ᠤᠨ ᠵᠣᠷᠢᠭ ᠰᠠᠨᠠᠭ᠎ᠠ ᠶᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠵᠤ᠂ ᠪᠡᠶ᠎ᠡ ᠶᠢᠨ ᠲᠠᠮᠢᠷ ᠤᠨ ᠦᠢᠯᠡᠰ ᠢ ᠶᠡᠭᠡ ᠪᠠᠷ ᠬᠥᠭᠵᠢᠭᠦᠯᠵᠦ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠲᠡᠶᠢᠰᠢ ᠤᠷᠤᠭᠰᠢᠯᠠᠵᠤ᠂ ᠯᠠᠪᠲᠠᠢ ᠳᠡᠯᠡᠬᠡᠢ ᠶᠢᠨ ᠪᠡᠶ᠎ᠡ ᠶᠢᠨ ᠲᠠᠮᠢᠷ ᠤᠨ ᠦᠢᠯᠡᠰ ᠲᠤ ᠲᠠᠰᠤᠷᠠᠯᠲᠠ ᠦᠭᠡᠢ ᠰᠢᠨ᠎ᠡ ᠬᠤᠪᠢ ᠨᠡᠮᠡᠷᠢ ᠦᠵᠡᠭᠦᠯᠭᠦ ᠪᠣᠯᠣᠨ᠎ᠠ᠃ ᠪᠢᠳᠡ ᠳᠤᠷᠠᠲᠠᠶ᠎ᠠ ᠳᠡᠯᠡᠬᠡᠢ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠥᠪᠯᠡᠯ ᠲᠠᠢ ᠬᠠᠮᠲᠤ ᠪᠠᠷ ᠣᠯᠢᠮᠫᠢᠺ ᠤᠨ ᠬᠥᠳᠡᠯᠭᠡᠭᠡᠨ ᠤ ᠥᠷᠨᠢᠩᠭᠦᠢ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ ᠭᠡᠵᠦ ᠵᠢᠭᠠᠵᠤ ᠭᠠᠷᠭᠠᠪᠠ᠃
巴赫2.jpg
        2 ᠰᠠᠷ᠎ᠠ ᠶᠢᠨ 7 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠷᠪᠢᠨ ᠳᠤ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠳᠡᠯᠡᠬᠡᠢ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠥᠪᠯᠡᠯ ᠤᠨ ᠲᠡᠷᠢᠭᠦᠯᠡᠭᠴᠢ ᠪᠠᠾᠧ ᠲᠠᠢ ᠠᠭᠤᠯᠵᠠᠪᠠ᠃        ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠶᠤᠸᠠᠢ ᠶᠤᠸᠠᠢ ᠸᠧᠢ ᠰᠡᠭᠦᠳᠡᠷᠯᠡᠪᠡ        ᠪᠠᡁᠧ᠂ ᠳᠤᠮᠳᠠᠳᠤ ᠤᠯᠤᠰ ᠤᠨ ᠤᠷᠳᠤ ᠬᠤᠭᠤᠴᠠᠭᠠᠨ ᠤ ᠲᠤᠷᠰᠢ ᠳᠡᠯᠡᠬᠡᠢ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠥᠪᠯᠡᠯ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ ᠳᠤᠮᠳᠠᠳᠤ ᠤᠯᠤᠰ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠵᠡᠷᠭᠡ ᠭᠤᠶᠢᠳᠠ ᠰᠠᠶᠢᠬᠠᠨ ᠴᠢᠬᠤᠯᠠ ᠶᠡᠭᠡ ᠤᠷᠤᠯᠳᠤᠭᠠᠨ ᠢ ᠠᠮᠵᠢᠯᠲᠠ ᠲᠠᠢ ᠡᠷᠭᠢᠯᠡᠵᠦ᠂ ᠳᠡᠯᠡᠬᠡᠢ ᠶᠢᠨ ᠣᠯᠢᠮᠫᠢᠺ ᠤᠨ ᠦᠢᠯᠡᠰ ᠲᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ᠃ ᠳᠤᠮᠳᠠᠳᠤ ᠤᠯᠤᠰ ᠪᠦᠯᠬᠦᠮᠳᠡᠨ ᠬᠠᠮᠲᠤᠷᠠᠯᠴᠠᠬᠤ᠂ ᠡᠷᠬᠡ ᠲᠡᠭᠰᠢ ᠪᠠᠷ ᠬᠦᠨᠳᠦᠳᠬᠡᠬᠦ ᠵᠡᠷᠭᠡ ᠣᠶᠢᠯᠠᠭᠠᠭᠳᠠᠬᠤᠨ ᠢ ᠰᠠᠨᠠᠭᠠᠴᠢᠯᠠᠨ ᠦᠢᠯᠡᠳᠦᠯᠭᠡᠵᠢᠭᠦᠯᠵᠦ᠂ ᠤᠯᠠᠨ ᠲᠠᠯᠠᠲᠤ ᠦᠵᠡᠯ ᠢ ᠪᠠᠷᠢᠮᠲᠠᠯᠠᠨ᠂ ᠪᠡᠶ᠎ᠡ ᠶᠢᠨ ᠲᠠᠮᠢᠷ ᠢ ᠤᠯᠤᠰ ᠲᠥᠷᠥᠴᠢᠯᠡᠬᠦ ᠶᠢ ᠡᠰᠡᠷᠭᠦᠴᠡᠵᠦ᠂ ᠬᠥᠭᠵᠢᠵᠦ ᠪᠠᠶᠢᠭ᠎ᠠ ᠤᠯᠤᠰ ᠤᠳ ᠤᠨ ᠳᠡᠯᠡᠬᠡᠢ ᠶᠢᠨ ᠪᠡᠶ᠎ᠡ ᠶᠢᠨ ᠲᠠᠮᠢᠷ ᠤᠨ ᠦᠢᠯᠡᠰ ᠲᠤ ᠥᠷᠭᠡᠨ ᠢᠶᠠᠷ ᠣᠷᠤᠯᠴᠠᠬᠤ ᠶᠢ ᠳᠡᠮᠵᠢᠵᠦ᠂ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠡᠷᠡᠭᠦᠯ ᠢᠶᠠᠷ ᠬᠥᠭᠵᠢᠬᠦ ᠶᠢ ᠬᠦᠴᠦᠲᠡᠢ ᠠᠬᠢᠭᠤᠯᠪᠠ᠃ ᠳᠤᠮᠳᠠᠳᠤ ᠤᠯᠤᠰ ᠨᠡᠩ ᠶᠡᠭᠡ ᠬᠥᠭᠵᠢᠯᠲᠡ ᠶᠢᠨ ᠠᠮᠵᠢᠯᠲᠠ ᠪᠦᠲᠦᠮᠵᠢ ᠪᠠᠷ ᠳᠡᠯᠡᠬᠡᠢ ᠶᠢᠨ ᠡᠩᠬᠡ ᠲᠠᠶᠢᠪᠤᠩ᠂ ᠬᠥᠭᠵᠢᠯᠲᠡ᠂ ᠲᠠᠪᠰᠢᠯᠳᠠ ᠶᠢᠨ ᠦᠢᠯᠡᠰ ᠲᠤ ᠲᠠᠰᠤᠷᠠᠯᠳᠠ ᠦᠭᠡᠢ ᠨᠡᠩ ᠶᠡᠭᠡ ᠦᠢᠯᠡᠳᠦᠯ ᠪᠠᠳᠠᠷᠠᠭᠤᠯᠬᠤ ᠶᠢ ᠢᠲᠡᠭᠡᠵᠦ ᠪᠠᠶᠢᠨ᠎ᠠ᠃ ᠬᠠᠷᠪᠢᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠠᠮᠵᠢᠯᠲᠠ ᠲᠠᠢ ᠶᠠᠪᠤᠭᠳᠠᠬᠤ ᠶᠢ ᠢᠲᠡᠭᠡᠵᠦ ᠪᠠᠶᠢᠨ᠎ᠠ ᠭᠡᠵᠦ ᠢᠯᠡᠳᠬᠡᠪᠡ᠃        ᠼᠠᠢ ᠴᠢ᠂ ᠸᠠᠩ ᠢ᠂ ᠱᠧᠨ ᠢ ᠴᠢᠨ ᠨᠠᠷ ᠠᠭᠤᠯᠵᠠᠯᠲᠠ ᠳᠤ ᠣᠷᠣᠯᠴᠠᠵᠠᠢ᠃       
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号