ᠰᠢ ᠶᠢᠨ ᠫᠢᠩ ᠺᠤᠷᠢᠶᠠ ᠶᠢᠨ ᠤᠯᠤᠰ ᠤᠨ ᠬᠤᠷᠠᠯ ᠤᠨ ᠳᠠᠷᠤᠭ᠎ᠠ ᠢᠦᠢ ᠶᠤᠸᠠᠨ ᡁᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2025/2/8
         ᠰᠢᠨᠬᠤᠸᠠ ᠬᠤᠷᠢᠶ᠎ᠠ ᠶᠢᠨ ᠬᠠᠷᠪᠢᠨ ᠤ 2 ᠰᠠᠷ᠎ᠠ ᠶᠢᠨ 7 ᠤ ᠴᠠᠭᠢᠯᠭᠠᠨ ᠮᠡᠳᠡᠭᠡ 2 ᠰᠠᠷ᠎ᠠ ᠶᠢᠨ 7 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠷᠪᠢᠨ ᠤ ᠲᠠᠢ ᠶᠠᠩ ᠳ᠋ᠣᠣ ᠵᠣᠴᠢᠳ ᠤᠨ ᠪᠠᠭᠤᠳᠠᠯ ᠳᠤ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠪᠠᠷ ᠢᠷᠡᠭᠰᠡᠨ ᠺᠤᠷᠢᠶᠠ ᠶᠢᠨ ᠤᠯᠤᠰ ᠤᠨ ᠬᠤᠷᠠᠯ ᠤᠨ ᠳᠠᠷᠤᠭ᠎ᠠ ᠢᠦᠢ ᠶᠤᠸᠠᠨ ᡁᠢ ᠲᠠᠢ ᠠᠭᠤᠯᠵᠠᠪᠠ᠃        ᠰᠢ ᠶᠢᠨ ᠫᠢᠩ᠂ ᠬᠠᠷᠢᠯᠴᠠᠭ᠎ᠠ ᠪᠠᠶᠢᠭᠤᠯᠤᠭᠰᠠᠨ 30 ᠭᠠᠷᠤᠢ ᠵᠢᠯ ᠤᠨ ᠲᠤᠷᠰᠢ ᠳᠤᠮᠳᠠᠳᠤ ᠺᠤᠷᠢᠶᠠ ᠶᠢᠨ ᠬᠠᠷᠢᠯᠴᠠᠭ᠎ᠠ ᠲᠠᠰᠤᠷᠠᠯᠲᠠ ᠦᠭᠡᠢ ᠬᠥᠭᠵᠢᠵᠦ᠂ ᠬᠤᠶᠠᠷ ᠤᠯᠤᠰ ᠤᠨ ᠬᠠᠮᠲᠤᠷᠠᠯᠴᠠᠭ᠎ᠠ ᠶᠢ ᠠᠬᠢᠭᠤᠯᠤᠭᠰᠠᠨ ᠪᠥᠭᠡᠳ ᠭᠠᠵᠠᠷ ᠣᠷᠣᠨ ᠤ ᠡᠩᠬᠡ ᠲᠠᠶᠢᠪᠤᠩ ᠬᠥᠭᠵᠢᠯᠲᠡ ᠳᠤ ᠬᠤᠪᠢ ᠨᠡᠮᠡᠷᠢ ᠦᠵᠡᠭᠦᠯᠪᠡ᠃ ᠳᠤᠮᠳᠠᠳᠤ ᠤᠯᠤᠰ ᠠᠴᠠ ᠺᠤᠷᠢᠶᠠ ᠳᠤ ᠠᠪᠬᠤ ᠲᠥᠷᠥ ᠶᠢᠨ ᠪᠣᠳᠣᠯᠭ᠎ᠠ ᠪᠣᠯ ᠲᠣᠭᠲᠠᠭᠤᠨ ᠶᠤᠮ᠃ ᠣᠳᠣᠬᠠᠨ ᠤ ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠳᠠᠬᠢ ᠲᠣᠬᠲᠠᠭᠠᠯᠳᠤ ᠪᠤᠰᠤ ᠴᠢᠨᠠᠷ ᠨᠡᠮᠡᠭᠳᠡᠵᠦ᠂ ᠳᠤᠮᠳᠠᠳᠤ ᠺᠤᠷᠢᠶᠠ ᠬᠤᠶᠠᠷ ᠲᠠᠯ᠎ᠠ ᠪᠠᠷ ᠢᠶᠠᠨ ᠬᠠᠮᠲᠤ ᠪᠠᠷ ᠴᠢᠷᠮᠠᠶᠢᠵᠤ᠂ ᠳᠤᠮᠳᠠᠳᠤ ᠺᠤᠷᠢᠶᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠪᠠᠬᠢᠵᠢᠭᠦᠯᠦᠨ ᠬᠥᠭᠵᠢᠭᠦᠯᠪᠡᠯ ᠵᠣᠬᠢᠨ᠎ᠠ᠃ ᠡᠨᠡ ᠵᠢᠯ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠠᠶᠢᠨ ᠢᠯᠠᠯᠲᠠ ᠣᠯᠣᠭᠰᠠᠨ 80 ᠵᠢᠯ ᠤᠨ ᠤᠢ ᠪᠠ ᠺᠤᠷᠢᠶᠠ ᠶᠢᠨ ᠶᠠᠫᠤᠨ ᠤ ᠡᠵᠡᠷᠬᠡᠭᠯᠡᠯ ᠠᠴᠠ ᠰᠠᠯᠤᠭᠰᠠᠨ 80 ᠵᠢᠯ ᠤᠨ ᠤᠢ ᠪᠠᠶᠢᠵᠤ᠂ ᠬᠤᠶᠠᠷ ᠲᠠᠯ᠎ᠠ ᠪᠠᠷ ᠢᠶᠠᠨ ᠳᠤᠷᠠᠰᠬᠠᠬᠤ ᠠᠵᠢᠯᠯᠠᠭ᠎ᠠ ᠪᠠᠨ ᠰᠠᠶᠢᠲᠤᠷ ᠭᠢᠶ᠎ᠠ᠃ ᠬᠠᠷᠢᠯᠴᠠᠨ ᠠᠭᠤᠰᠤᠯᠴᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠠᠵᠤ ᠠᠬᠤᠢ ᠠᠷᠠᠯᠵᠢᠶᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠬᠦ ᠨᠢ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ ᠠᠰᠢᠭ ᠲᠤᠰᠠ ᠲᠠᠢ ᠨᠡᠶᠢᠴᠡᠨ᠎ᠡ᠃ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠡᠮᠡᠭᠳᠡᠭᠦᠯᠵᠦ᠂ ᠠᠷᠠᠳ ᠲᠦᠮᠡᠨ ᠤ ᠬᠤᠭᠤᠷᠣᠨᠳᠣᠭᠢ ᠨᠥᠭᠦᠷᠰᠡᠭ ᠬᠠᠶᠢᠷ᠎ᠠ ᠰᠡᠳᠬᠢᠯᠭᠡ ᠪᠠᠨ ᠴᠢᠩᠭᠠᠳᠬᠠᠶ᠎ᠠ᠃ ᠬᠤᠶᠠᠷ ᠲᠠᠯ᠎ᠠ ᠪᠠᠷ ᠢᠶᠠᠨ ᠡᠨᠡ ᠵᠢᠯ᠂ ᠢᠷᠡᠬᠦ ᠵᠢᠯ ᠳᠤ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠢ ᠲᠤᠰ ᠲᠤᠰ ᠡᠷᠬᠢᠯᠡᠬᠦ ᠶᠢ ᠬᠠᠷᠢᠯᠴᠠᠨ ᠲᠡᠮᠵᠢᠶ᠎ᠡ ᠭᠡᠵᠦ ᠵᠢᠭᠠᠵᠤ ᠭᠠᠷᠭᠠᠪᠠ᠃        ᠢᠦᠢ ᠶᠤᠸᠠᠨ ᡁᠢ᠂ ᠺᠤᠷᠢᠶᠠ ᠳᠤᠮᠳᠠᠳᠤ ᠶᠢᠨ ᠬᠠᠮᠲᠤᠷᠠᠯᠴᠠᠭ᠎ᠠ ᠨᠢ ᠬᠤᠶᠠᠷ ᠤᠯᠤᠰ ᠤᠨ ᠲᠤᠰ ᠲᠤᠰ ᠤᠨ ᠬᠥᠭᠵᠢᠯᠲᠡ ᠳᠤ ᠴᠢᠬᠤᠯᠠ ᠦᠢᠯᠡᠳᠦᠯ ᠦᠵᠡᠭᠦᠯᠪᠡ᠃ ᠳᠤᠮᠳᠠᠳᠤ ᠤᠯᠤᠰ ᠯᠤᠭ᠎ᠠ ᠨᠦᠭᠦᠷᠰᠡᠭ ᠪᠠᠶᠢᠬᠤ ᠪᠣᠯ ᠺᠤᠷᠢᠶᠠ ᠶᠢᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢᠨ ᠭᠤᠣᠯᠳᠠᠯᠭ᠎ᠠ ᠶᠢᠨ ᠨᠢᠭᠡ ᠪᠣᠯᠣᠨ᠎ᠠ᠂ ᠡᠨᠡ ᠲᠠᠯ᠎ᠠ ᠪᠠᠷ ᠬᠤᠪᠢᠷᠠᠬᠤ ᠦᠭᠡᠢ ᠶᠤᠮ᠃ ᠺᠤᠷᠢᠶᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠴᠢᠷᠮᠠᠶᠢᠵᠤ᠂ ᠺᠤᠷᠢᠶᠠ ᠳᠤᠮᠳᠠᠳᠤ ᠶᠢᠨ ᠬᠠᠷᠢᠯᠴᠠᠭ᠎ᠠ ᠶᠢᠨ ᠰᠢᠨ᠎ᠡ ᠨᠢᠭᠡ ᠵᠢᠯ ᠳᠤ ᠲᠠᠭᠢᠨ ᠨᠢᠭᠡ ᠳᠡᠭᠲᠡᠷ ᠲᠤ ᠭᠠᠷᠬᠤ ᠶᠢ ᠠᠬᠢᠭᠤᠯᠤᠨ᠎ᠠ᠃ ᠬᠤᠶᠠᠷ ᠤᠯᠤᠰ ᠢᠶᠠᠷ ᠢᠶᠠᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠬᠠᠮᠠᠭᠠᠯᠠᠬᠤ ᠶᠢ ᠬᠦᠰᠡᠵᠦ ᠪᠠᠶᠢᠨ᠎ᠠ᠃ ᠬᠥᠮᠥᠰ ᠤᠨ ᠶᠠᠪᠤᠯᠴᠠᠭ᠎ᠠ ᠶᠢ ᠥᠷᠭᠡᠳᠬᠡᠵᠦ᠂ ᠨᠥᠬᠦᠷᠯᠡᠯ ᠢᠶᠠᠨ ᠵᠤᠵᠠᠭᠠᠳᠬᠠᠶ᠎ᠠ᠃ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠤ ᠢᠯᠠᠯᠲᠠ ᠣᠯᠣᠭᠰᠠᠨ 80 ᠵᠢᠯ ᠤᠨ ᠤᠢ ᠶᠢ ᠬᠠᠮᠲᠤ ᠪᠠᠷ ᠳᠤᠷᠠᠰᠬᠠᠵᠤ᠂ ᠡᠨᠡ ᠵᠢᠯ᠂ ᠢᠷᠡᠬᠦ ᠵᠢᠯ ᠤᠨ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠢ ᠰᠠᠶᠢᠲᠤᠷ ᠡᠷᠭᠢᠯᠡᠭᠦ ᠶᠢ ᠬᠠᠷᠢᠯᠴᠠᠨ ᠲᠡᠮᠵᠢᠶ᠎ᠡ ᠭᠡᠵᠦ ᠢᠯᠡᠳᠬᠡᠪᠡ᠃        ᠸᠠᠩ ᠢ ᠠᠭᠤᠯᠵᠠᠯᠲᠠ ᠳᠤ ᠣᠷᠣᠯᠴᠠᠵᠠᠢ᠃        
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号