| ᠰᠢᠨᠬᠤᠸᠠ ᠬᠤᠷᠢᠶ᠎ᠠ ᠶᠢᠨ ᠬᠠᠷᠪᠢᠨ ᠤ 2 ᠰᠠᠷ᠎ᠠ ᠶᠢᠨ 7 ᠤ ᠴᠠᠭᠢᠯᠭᠠᠨ ᠮᠡᠳᠡᠭᠡ ᠮᠥᠰᠥ ᠴᠠᠰᠤᠨ ᠤ ᠬᠠᠮᠲᠤ ᠶᠢᠨ | ᠬᠦᠰᠡᠯ ᠨᠢ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠠᠽᠢᠶ᠎ᠠ ᠲᠢᠪ ᠢᠶᠠᠷ ᠢᠶᠠᠨ ᠰᠡᠳᠬᠢᠯ ᠨᠢᠭᠡᠳᠦᠨ ᠢᠷᠠᠭᠤ ᠬᠠᠭᠤᠳᠠᠰᠤ ᠶᠢ | ᠬᠠᠮᠲᠤ ᠪᠠᠷ ᠪᠢᠴᠢᠭᠯᠡᠨ᠎ᠡ᠃ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ | ᠴᠤᠭᠯᠠᠭᠠᠨ 7 ᠤ ᠣᠷᠣᠢ ᠬᠠᠷᠠᠮᠥ᠋ᠷᠡᠨ ᠮᠤᠵᠢ ᠶᠢᠨ ᠬᠠᠷᠪᠢᠨ ᠬᠤᠲᠠ ᠳᠤ ᠦᠪᠡᠳᠡᠭᠰᠢ ᠶᠡᠭᠡ ᠪᠠᠷ ᠡᠬᠢᠯᠡᠪᠡ᠃ ᠤᠯᠤᠰ ᠤᠨ | ᠲᠡᠷᠢᠭᠦᠯᠡᠭᠴᠢ ᠰᠢ ᠶᠢᠨ ᠫᠢᠩ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ᠲᠤᠰ ᠬᠤᠭᠤᠴᠠᠭᠠᠨ ᠤ ᠠᠽᠢᠶ᠎ᠠ | ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠡᠬᠢᠯᠡᠭᠰᠡᠨ ᠢ ᠵᠠᠷᠯᠠᠪᠠ᠃ | | | | | | 2 ᠰᠠᠷ᠎ᠠ ᠶᠢᠨ 7 ᠤ ᠣᠷᠣᠢ᠂ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ | ᠲᠠᠮᠢᠷ ᠤᠨ ᠴᠤᠭᠯᠠᠭᠠᠨ ᠬᠠᠷᠠᠮᠥ᠋ᠷᠡᠨ ᠮᠤᠵᠢ ᠶᠢᠨ ᠬᠠᠷᠪᠢᠨ ᠬᠤᠲᠠ ᠳᠤ ᠦᠪᠡᠳᠡᠭᠰᠢ ᠶᠡᠭᠡ ᠪᠠᠷ ᠡᠬᠢᠯᠡᠪᠡ᠃ ᠵᠢᠷᠤᠭ ᠪᠣᠯ | ᠤᠯᠤᠰ ᠤᠨ ᠲᠡᠷᠢᠭᠦᠯᠡᠭᠴᠢ ᠰᠢ ᠶᠢᠨ ᠫᠢᠩ ᠲᠡᠷᠢᠭᠦᠯᠡᠭᠴᠢ ᠶᠢᠨ ᠲᠠᠶᠢᠰᠠᠨ ᠳᠡᠭᠡᠷ᠎ᠡ ᠠᠴᠠ ᠤᠯᠠᠨ ᠤ ᠵᠦᠭ ᠭᠠᠷ ᠳᠠᠯᠠᠯᠤᠨ | ᠮᠡᠨᠳᠦᠴᠢᠯᠡᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | | | ᠼᠠᠢ ᠴᠢ᠂ ᠠᠽᠢᠶ᠎ᠠ ᠲᠢᠪ ᠤᠨ ᠡᠯ᠎ᠡ ᠭᠠᠵᠠᠷ ᠠᠴᠠ ᠢᠷᠡᠭᠰᠡᠨ ᠤᠳᠤᠷᠢᠳᠬᠤ ᠬᠥᠮᠥᠰ ᠪᠣᠯᠣᠨ ᠬᠦᠨᠳᠦᠲᠦ | ᠵᠣᠴᠢᠳ ᠡᠭᠢᠯᠡᠯᠲᠡ ᠶᠢᠨ ᠶᠣᠰᠣᠯᠠᠯ ᠳᠤ ᠣᠷᠣᠯᠴᠠᠪᠠ᠃ | | | | | | 2 ᠰᠠᠷ᠎ᠠ ᠶᠢᠨ 7 ᠤ ᠣᠷᠣᠢ᠂ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ | ᠲᠠᠮᠢᠷ ᠤᠨ ᠴᠤᠭᠯᠠᠭᠠᠨ ᠬᠠᠷᠠᠮᠥ᠋ᠷᠡᠨ ᠮᠤᠵᠢ ᠶᠢᠨ ᠬᠠᠷᠪᠢᠨ ᠬᠤᠲᠠ ᠳᠤ ᠦᠪᠡᠳᠡᠭᠰᠢ ᠶᠡᠭᠡ ᠪᠠᠷ ᠡᠬᠢᠯᠡᠪᠡ᠃ ᠰᠢ ᠶᠢᠨ ᠫᠢᠩ | ᠵᠡᠷᠭᠡ ᠨᠠᠮ ᠪᠠ ᠲᠦᠷᠦ ᠶᠢᠨ ᠤᠳᠤᠷᠢᠳᠬᠤ ᠬᠥᠮᠥᠰ ᠡᠭᠢᠯᠡᠯᠳᠠ ᠶᠢᠨ ᠶᠣᠰᠣᠯᠠᠯ ᠳᠤ ᠣᠷᠣᠯᠴᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | | | ᠰᠥᠨᠢ ᠶᠢᠨ ᠬᠥᠰᠢᠭᠡᠨ ᠳᠣᠣᠷ᠎ᠠ᠂ ᠬᠠᠷᠪᠢᠨ ᠤ ᠤᠯᠠᠨ ᠤᠯᠤᠰ ᠤᠨ ᠬᠤᠷᠠᠯ ᠦᠵᠡᠰᠭᠦᠯᠡᠩ ᠪᠡᠶ᠎ᠡ ᠶᠢᠨ ᠲᠠᠮᠢᠷ ᠤᠨ | ᠲᠥᠪ ᠲᠤ ᠥᠩᠭᠡᠲᠦ ᠳ᠋ᠧᠩ ᠳᠤᠸᠠᠯᠠᠨ ᠭᠡᠷᠡᠯᠲᠦᠨ᠎ᠡ᠃ ᠡᠭᠢᠯᠡᠯᠲᠡ ᠶᠢᠨ ᠶᠣᠰᠣᠯᠠᠯ ᠠᠴᠠ ᠡᠮᠦᠨ᠎ᠡ ᠬᠠᠷᠠᠮᠥ᠋ᠷᠡᠨ ᠤ ᠡᠯ᠎ᠡ | ᠭᠠᠵᠠᠷ ᠠᠴᠠ ᠢᠷᠡᠭᠰᠡᠨ ᠤᠯᠠᠨ ᠲᠦᠮᠡᠨ ᠭᠠᠵᠠᠷ ᠣᠷᠣᠨ ᠤ ᠣᠨᠴᠠᠯᠢᠭ ᠲᠠᠢ ᠲᠣᠬᠯᠠᠯᠲᠠ ᠭᠠᠷᠭᠠᠵᠤ᠂ ᠠᠬᠤᠢ ᠲᠠᠯᠠᠪᠠᠢ ᠶᠢᠨ | ᠠᠭᠤᠷ ᠠᠮᠢᠰᠬᠤᠯ ᠮᠠᠰᠢ ᠬᠥᠭᠵᠢᠶᠡᠨᠲᠡᠢ ᠪᠠᠶᠢᠯ᠎ᠠ᠃ | 19 ᠴᠠᠭ 58 ᠮᠢᠨᠦ᠋ᠲ ᠲᠤ᠂ ︽ᠡᠩᠬᠡ ᠲᠠᠶᠢᠪᠤᠩ — ᠬᠤᠪᠢ ᠵᠠᠶᠠᠭᠠᠨ ᠤ ᠬᠠᠮᠲᠤ ᠶᠢᠨ ᠴᠣᠭᠴᠠ︾ ᠭᠡᠬᠦ | ᠠᠶᠠᠰ ᠤᠨ ᠳᠤᠮᠳᠠ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠳᠡᠯᠡᠬᠡᠢ ᠶᠢᠨ ᠣᠯᠢᠮᠫᠢᠺ ᠤᠨ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠵᠥᠪᠯᠡᠯ ᠤᠨ ᠲᠡᠷᠢᠭᠦᠯᠡᠭᠴᠢ ᠪᠠᠾᠧ᠂ ᠠᠽᠢᠶ᠎ᠠ ᠲᠢᠪ ᠤᠨ ᠣᠯᠢᠮᠫᠢᠺ ᠤᠨ ᠪᠡᠶ᠎ᠡ ᠶᠢᠨ ᠲᠠᠮᠢᠷ ᠤᠨ | ᠬᠥᠳᠡᠯᠭᠡᠭᠡᠨ ᠤ ᠬᠡᠷᠡᠭ ᠡᠷᠬᠢᠯᠡᠭᠴᠢᠳ ᠤᠨ ᠬᠤᠷᠠᠯ ᠤᠨ ᠨᠢᠭᠡᠳᠦᠭᠡᠷ ᠳᠡᠳ᠋ ᠲᠡᠷᠢᠭᠦᠯᠡᠭᠴᠢ ᠾᠥᠸᠧ ᠵᠧᠨ ᠲᠢᠩ ᠨᠠᠷ ᠲᠠᠢ | ᠬᠠᠮᠲᠤ ᠪᠠᠷ ᠲᠡᠷᠢᠭᠦᠯᠡᠭᠴᠢᠳ ᠤᠨ ᠲᠠᠶᠢᠰᠠᠨ ᠳᠤ ᠭᠠᠷᠴᠤ᠂ ᠦᠵᠡᠭᠴᠢᠳ ᠤᠨ ᠵᠦᠭ ᠭᠠᠷ ᠳᠠᠯᠠᠯᠤᠨ ᠮᠡᠨᠳᠦᠴᠢᠯᠡᠪᠡ᠃ | ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ | ︽ᠪᠢ ᠳᠤᠮᠳᠠᠳᠤ ᠤᠯᠤᠰ ᠢᠶᠠᠨ ᠬᠠᠶᠢᠷᠠᠯᠠᠨ᠎ᠠ︾ ᠭᠡᠬᠦ ᠭᠦᠨ ᠰᠡᠳᠬᠢᠯᠭᠡ ᠲᠠᠢ ᠠᠶᠠᠰ ᠤᠨ ᠳᠤᠮᠳᠠ 8 | ᠶᠣᠰᠣᠯᠠᠯ ᠤᠨ ᠴᠡᠷᠢᠭ ᠢᠳᠡᠷᠡᠭᠦᠨ ᠠᠯᠬᠤᠭ᠎ᠠ ᠪᠠᠷ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ | ᠲᠤᠭ ᠢ ᠬᠠᠮᠠᠭᠠᠯᠠᠨ ᠠᠬᠤᠢ ᠲᠠᠯᠠᠪᠠᠶ ᠳᠤ ᠣᠷᠣᠪᠠ᠃ ᠲᠠᠯᠠᠪᠠᠢ ᠳᠠᠶᠠᠭᠠᠷ ᠢᠶᠠᠨ ᠪᠣᠰᠴᠤ ᠵᠣᠭᠰᠣᠨ᠂ ᠪᠦᠭᠦᠳᠠ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠨ᠂ ᠲᠠᠪᠤᠨ ᠣᠳᠣᠲᠤ ᠤᠯᠠᠭᠠᠨ ᠲᠤᠭ | ᠠᠯᠭᠤᠷᠬᠠᠨ ᠮᠠᠨᠳᠤᠪᠠ᠃ | ᠲᠣᠮᠣ ᠳᠡᠯᠭᠡᠴᠡᠨ ᠳᠡᠭᠡᠷ᠎ᠡ ︽ᠭᠡᠷᠡᠯ ᠰᠠᠴᠤᠷᠠᠩᠭᠤᠢ ᠴᠠᠭ ᠮᠥᠴᠡ︾ ᠭᠡᠬᠦ ᠣᠬᠤᠷ ᠹᠢᠯᠢᠮ ᠢ ᠨᠠᠪᠲᠠᠷᠡᠭᠦᠯᠵᠦ᠂ | ᠴᠠᠭᠠᠨ ᠰᠠᠷ᠎ᠠ ᠶᠢᠨ ᠬᠤᠪᠴᠠᠰᠤ ᠵᠠᠰᠠᠯ ᠢᠶᠠᠷ ᠭᠤᠶᠣᠯᠠᠭᠰᠠᠨ ᠬᠡᠦᠬᠡᠳ ᠭᠠᠷ ᠲᠠᠭᠠᠨ ᠮᠥᠰᠥᠨ ᠳ᠋ᠧᠩ ᠪᠠᠷᠢᠵᠤ᠂ ᠬᠠᠷᠪᠢᠨ ᠤ | ᠬᠤᠲᠠ ᠶᠢᠨ ᠢᠯᠡᠷᠬᠡᠶᠢᠯᠡᠯ ᠲᠡᠮᠳᠡᠭ ᠢ ᠭᠡᠷᠡᠯᠲᠦᠭᠦᠯᠪᠡ᠃ ᠳᠠᠷᠠᠭ᠎ᠠ ᠨᠢ ᠵᠣᠴᠢᠨ ᠤᠭᠲᠤᠬᠤ ᠲᠣᠬᠯᠠᠯᠲᠠ ︽ᠮᠥᠰᠥᠨ ᠳ᠋ᠧᠩ | ᠬᠦᠰᠡᠯ ᠵᠡᠭᠦᠳᠦ ᠶᠢᠨ ᠬᠥᠭᠡᠭᠡᠴᠡᠯᠳᠦᠯ︾ ᠡᠬᠢᠯᠡᠵᠦ᠂ ᠮᠥᠰᠥᠨ ᠬᠠᠯᠢᠶ᠎ᠠ ᠶᠢᠨ ᠭᠠᠷ ᠠᠯᠴᠢᠭᠤᠷ ᠡᠷᠬᠢᠯᠡᠭᠴᠢ ᠤᠯᠤᠰ ᠤᠨ | ᠨᠠᠢᠮᠠᠨ ᠵᠦᠭ ᠤᠨ ᠵᠣᠴᠢᠳ ᠢᠶᠠᠨ ᠪᠠᠶᠠᠷᠯᠠᠨ ᠤᠭᠲᠤᠬᠤ ᠬᠠᠯᠠᠭᠤᠨ ᠰᠡᠳᠬᠢᠯᠭᠡ ᠶᠢ ᠳᠠᠮᠵᠢᠭᠤᠯᠪᠠ᠃ | 20 ᠴᠠᠭ 08 ᠮᠢᠨᠦ᠋ᠲ ᠲᠤ᠂ ᠲᠠᠮᠢᠷᠴᠢᠳ ᠤᠨ ᠲᠠᠯᠠᠪᠠᠢ ᠳᠤ ᠣᠷᠣᠬᠤ ᠶᠣᠰᠣᠯᠠᠯ ᠡᠬᠢᠯᠡᠪᠡ᠃ ︽ᠮᠥᠰᠥ | ᠴᠠᠰᠤᠨ ᠤ ᠠᠽᠢᠶ᠎ᠠ︾ ᠶᠢᠨ ᠪᠠᠶᠠᠰᠬᠤᠯᠠᠩᠲᠤ ᠠᠶᠠᠰ ᠤᠨ ᠳᠤᠮᠳᠠ᠂ 34 ᠤᠯᠤᠰ ᠪᠠ ᠭᠠᠵᠠᠷ ᠣᠷᠣᠨ ᠠᠴᠠ ᠢᠷᠡᠭᠰᠡᠨ | ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠵᠠᠯᠭᠠᠭ᠎ᠠ ᠪᠠᠷ ᠲᠠᠯᠠᠪᠠᠢ ᠳᠤ ᠣᠷᠣᠵᠤ᠂ ᠪᠦᠭᠦ ᠲᠠᠯᠠᠪᠠᠢ ᠶᠢᠨ | ᠦᠵᠡᠭᠴᠢᠳ ᠤᠨ ᠬᠠᠯᠠᠭᠤᠨ ᠬᠦᠷᠢᠶᠡᠯᠡᠯ ᠢ ᠣᠯᠪᠠ᠃ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠭᠡᠬᠦ ᠰᠦᠷ | ᠵᠢᠪᠬᠤᠭᠠᠲᠤ ᠭᠦᠭ ᠠᠶᠠᠰ ᠴᠤᠤᠷᠢᠶᠠᠲᠤᠵᠤ᠂ ᠡᠷᠬᠢᠯᠡᠭᠴᠢ ᠤᠯᠤᠰ ᠪᠤᠯᠬᠤ ᠳᠤᠮᠳᠠᠳᠤ ᠤᠯᠤᠰ ᠤᠨ ᠲᠥᠯᠥᠭᠡᠯᠡᠭᠴᠢᠳ ᠤᠨ | ᠪᠦᠯᠭᠦᠮ ᠬᠠᠮᠤᠭ ᠤᠨ ᠰᠡᠭᠦᠯ ᠳᠤ ᠲᠠᠯᠠᠪᠠᠢ ᠳᠤ ᠣᠷᠣᠵᠤ ᠢᠷᠡᠬᠦ ᠳᠤ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ | ᠪᠣᠰᠴᠤ ᠵᠣᠭᠰᠣᠨ ᠭᠠᠷ ᠳᠠᠯᠠᠯᠤᠨ ᠮᠡᠨᠳᠦᠴᠢᠯᠡᠬᠦ ᠳᠤ ᠲᠠᠯᠠᠪᠠᠢ ᠳᠠᠶᠠᠭᠠᠷ ᠪᠠᠶᠠᠷ ᠭᠦᠷ ᠢᠶᠠᠷ ᠪᠢᠯᠬᠠᠵᠤ᠂ ᠠᠯᠠᠭ᠎ᠠ | ᠲᠡᠰᠢᠯᠲᠡ ᠶᠢᠨ ᠲᠠᠭᠤᠨ ᠲᠠᠰᠤᠷᠠᠯᠳᠠ ᠦᠭᠡᠢ ᠲᠤᠭᠤᠯᠳᠠᠨ᠎ᠠ᠃ ᠳᠤᠮᠳᠠᠳᠤ ᠤᠯᠤᠰ ᠤᠨ ᠲᠥᠯᠥᠭᠡᠯᠡᠭᠴᠢᠳ ᠤᠨ ᠪᠦᠯᠭᠦᠮ | ᠨᠡᠶᠢᠳᠡ 257 ᠬᠥᠮᠥᠨ ᠪᠤᠢ᠂ ᠡᠭᠦᠨ ᠳᠤ ᠤᠷᠤᠯᠳᠤᠭᠠᠨ ᠳᠤ ᠣᠷᠤᠯᠴᠠᠬᠤ ᠲᠠᠮᠢᠷᠴᠢᠨ 170 ᠬᠥᠮᠥᠨ ᠪᠠᠶᠢᠵᠤ᠂ ᠲᠤᠰ | ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ 6 ᠶᠡᠭᠡ ᠲᠦᠷᠦᠯ᠂ 64 ᠪᠠᠭ᠎ᠠ | ᠲᠦᠷᠦᠯ ᠤᠨ ᠤᠷᠤᠯᠳᠤᠭᠠᠨ ᠳᠤ ᠣᠷᠤᠯᠴᠠᠬᠤ ᠪᠣᠯᠣᠨ᠎ᠠ᠃ | ᠬᠠᠷᠪᠢᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ | ᠺᠣᠮᠢᠰ ᠤᠨ ᠲᠡᠷᠢᠭᠦᠯᠡᠭᠴᠢ᠂ ᠬᠠᠷᠠᠮᠥ᠋ᠷᠡᠨ ᠮᠤᠵᠢ ᠶᠢᠨ ᠳᠠᠷᠤᠭ᠎ᠠ ᠯᠢᠶᠠᠩ ᠬᠤᠢ ᠯᠢᠩ ᠪᠠᠶᠠᠷ ᠤᠨ ᠦᠭᠡ ᠳᠡᠭᠡᠨ ᠵᠣᠬᠢᠶᠠᠨ | ᠪᠠᠶᠢᠭᠤᠯᠬᠤ ᠺᠣᠮᠢᠰ ᠪᠣᠯᠣᠨ 3000 ᠲᠦᠮᠡ ᠭᠠᠷᠤᠢ ᠬᠠᠷᠠᠮᠥ᠋ᠷᠡᠨ ᠤ ᠠᠷᠠᠳ ᠲᠦᠮᠡᠨ ᠢ ᠲᠥᠯᠥᠭᠡᠯᠡᠵᠦ᠂ ᠠᠽᠢᠶ᠎ᠠ | ᠲᠢᠪ ᠤᠨ ᠡᠯ᠎ᠡ ᠤᠯᠤᠰ ᠪᠣᠯᠣᠨ ᠭᠠᠵᠠᠷ ᠣᠷᠣᠨ ᠠᠴᠠ ᠢᠷᠡᠭᠰᠡᠨ ᠲᠠᠮᠢᠷᠴᠢᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ | ᠢᠯᠡᠳᠬᠡᠵᠦ᠂ ᠲᠡᠳᠡᠨ ᠤ ᠤᠷᠤᠯᠳᠤᠭᠠᠨ ᠤ ᠲᠠᠯᠠᠪᠤᠷ ᠲᠤ ᠥᠪᠡᠷ ᠢ ᠪᠠᠨ ᠳᠠᠪᠠᠵᠤ᠂ ᠴᠤᠭ ᠵᠢᠪᠬᠤᠭ᠎ᠠ ᠪᠠᠨ ᠢᠯᠡᠷᠡᠭᠦᠯᠵᠦ᠂ | ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠨᠥᠬᠦᠷᠯᠡᠯ ᠢᠶᠠᠨ ᠵᠤᠵᠠᠭᠠᠳᠬᠠᠬᠤ ᠶᠢ ᠵᠥᠩᠨᠡᠪᠡ᠃ | ᠬᠠᠷᠪᠢᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ | ᠺᠣᠮᠢᠰ ᠤᠨ ᠲᠡᠷᠢᠭᠦᠯᠡᠭᠴᠢ᠂ ᠳᠤᠮᠳᠠᠳᠤ ᠤᠯᠤᠰ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠥᠪᠯᠡᠯ ᠤᠨ | ᠲᠡᠷᠢᠭᠦᠯᠡᠭᠴᠢ ᠭᠤᠤ ᡁᠢ ᠳ᠋ᠠᠨ ᠪᠠᠶᠠᠷ ᠤᠨ ᠦᠭᠡ ᠳᠡᠭᠡᠨ᠂ ᠲᠡᠷᠢᠭᠦᠯᠡᠭᠴᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ | ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠨᠢᠭᠡ ᠬᠤᠭᠤᠴᠠᠭᠠᠨ ᠤ ᠭᠤᠶᠢᠳᠠ ᠰᠠᠶᠢᠬᠠᠨ ᠠᠽᠢᠶ᠎ᠠ ᠲᠢᠪ ᠤᠨ ᠡᠪᠦᠯ ᠤᠨ | ᠤᠯᠠᠷᠢᠯ ᠤᠨ ᠦᠪᠡᠳᠡᠭᠰᠢ ᠴᠤᠭᠯᠠᠭᠠᠨ ᠤᠳᠠᠯ ᠦᠭᠡᠢ ᠡᠬᠢᠯᠡᠬᠦ ᠪᠣᠯᠣᠯ᠎ᠠ᠃ ᠪᠢᠳᠡ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠲᠦᠭ ᠲᠦᠮᠡᠨ ᠳᠦᠷᠰᠦ ᠪᠠᠶᠢᠳᠠᠯ ᠢ ᠪᠠᠶᠠᠷᠲᠠᠢ ᠬᠤᠪᠢᠶᠠᠯᠴᠠᠵᠤ᠂ ᠠᠽᠢᠶ᠎ᠠ ᠲᠢᠪ ᠤᠨ ᠪᠡᠶ᠎ᠡ ᠶᠢᠨ | ᠲᠠᠮᠢᠷ ᠤᠨ ᠰᠢᠨ᠎ᠡ ᠭᠡᠷᠡᠯ ᠰᠠᠴᠤᠷᠠᠩᠭᠤᠢ ᠰᠦᠷᠯᠢᠭ ᠰᠠᠶᠢᠬᠠᠨ ᠬᠠᠭᠤᠳᠠᠰᠤ ᠶᠢ ᠰᠡᠳᠬᠢᠯ ᠨᠢᠭᠡᠳᠦᠨ ᠵᠢᠷᠤᠭᠯᠠᠵᠤ᠂ ᠠᠽᠢᠶ᠎ᠠ | ᠲᠢᠪ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠢᠷᠠᠭᠤ ᠰᠠᠶᠢᠬᠠᠨ ᠠᠶᠠᠰ ᠢ ᠬᠦᠴᠦ ᠬᠠᠮᠲᠤᠳᠬᠠᠨ | ᠴᠤᠤᠷᠢᠶᠠᠲᠤᠭᠤᠯᠤᠶ᠎ᠠ ᠭᠡᠵᠦ ᠢᠯᠡᠳᠬᠡᠪᠡ᠃ | ᠠᠽᠢᠶ᠎ᠠ ᠲᠢᠪ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠡᠷᠡᠭ ᠡᠷᠬᠢᠯᠡᠭᠴᠢᠳ ᠤᠨ ᠬᠤᠷᠠᠯ ᠤᠨ | ᠨᠢᠭᠡᠳᠦᠭᠡᠷ ᠳᠡᠳ᠋ ᠲᠡᠷᠢᠭᠦᠯᠡᠭᠴᠢ ᠾᠥᠸᠧ ᠵᠧᠨ ᠲᠢᠩ ᠪᠠᠶᠠᠷ ᠤᠨ ᠦᠭᠡ ᠳᠡᠭᠡᠨ ᠳᠤᠮᠳᠠᠳᠤ ᠤᠯᠤᠰ ᠤᠨ ᠠᠽᠢᠶ᠎ᠠ ᠲᠢᠪ ᠤᠨ | ᠮᠥᠰᠥ ᠴᠠᠰᠤᠨ ᠤ ᠬᠥᠳᠡᠯᠭᠡᠭᠡᠨ ᠤ ᠬᠥᠭᠵᠢᠯᠲᠡ ᠳᠤ ᠦᠵᠡᠭᠦᠯᠦᠭᠰᠡᠨ ᠴᠢᠬᠤᠯᠠ ᠦᠢᠯᠡᠳᠦᠯ ᠢ ᠨᠤᠲᠠᠯᠠᠵᠤ᠂ ᠳᠤᠮᠳᠠᠳᠤ | ᠤᠯᠤᠰ ᠤᠨ ᠵᠠᠰᠠᠭ ᠤᠨ ᠣᠷᠳᠣᠨ᠂ ᠳᠤᠮᠳᠠᠳᠤ ᠤᠯᠤᠰ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠥᠪᠯᠡᠯ | ᠂ ᠬᠠᠷᠠᠮᠥ᠋ᠷᠡᠨ ᠮᠤᠵᠢ ᠶᠢᠨ ᠵᠠᠰᠠᠭ ᠤᠨ ᠣᠷᠳᠣᠨ᠂ ᠬᠠᠷᠪᠢᠨ ᠬᠤᠳᠠ ᠶᠢᠨ ᠵᠠᠰᠠᠭ ᠤᠨ ᠣᠷᠳᠣᠨ ᠵᠢᠴᠢ ᠠᠽᠢᠶ᠎ᠠ ᠲᠢᠪ ᠤᠨ | ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠨᠠᠷᠢᠨ ᠨᠢᠮᠪᠠᠢ ᠪᠡᠯᠡᠳᠬᠡᠯ ᠪᠠ | ᠪᠦᠯᠬᠦᠮᠳᠡᠯ ᠬᠠᠮᠲᠤᠷᠠᠯᠴᠠᠭ᠎ᠠ ᠵᠢᠴᠢ ᠲᠠᠮᠢᠷᠴᠢᠳ᠂ ᠦᠵᠡᠭᠴᠢᠳ ᠪᠣᠯᠣᠨ ᠠᠵᠢᠯᠲᠠᠳ ᠤᠨ ᠳᠡᠮᠵᠢᠯᠭᠡ ᠳᠤ ᠲᠠᠯᠠᠷᠬᠠᠵᠤ᠂ | ᠬᠠᠷᠪᠢᠨ ᠪᠣᠯ ᠵᠡᠭᠦᠳᠦ ᠵᠡᠷᠭᠡᠯᠭᠡᠨ ᠮᠡᠲᠦ ᠮᠥᠰᠥ ᠴᠠᠰᠤᠨ ᠤ ᠲᠥᠪ ᠬᠤᠲᠠ ᠪᠣᠯᠣᠨ᠎ᠠ ᠭᠡᠵᠦ ᠮᠠᠭᠲᠠᠨ ᠰᠠᠶᠢᠰᠢᠶᠠᠪᠠ᠃ | 20 ᠴᠠᠭ 51 ᠮᠢᠨᠦ᠋ᠲ ᠲᠤ᠂ ᠡᠭᠢᠯᠡᠯᠲᠡ ᠶᠢᠨ ᠶᠣᠰᠣᠯᠠᠯ ᠬᠥᠮᠥᠰ ᠤᠨ ᠰᠡᠳᠬᠢᠯ ᠢ ᠳᠣᠭᠳᠣᠯᠤᠭᠤᠯᠤᠮ᠎ᠠ ᠨᠢᠭᠡ | ᠮᠥᠴᠡ ᠶᠢ ᠤᠭᠲᠤᠨ ᠠᠪᠤᠯ᠎ᠠ᠃ ᠤᠯᠤᠰ ᠤᠨ ᠲᠡᠷᠢᠭᠦᠯᠡᠭᠴᠢ ᠰᠢ ᠶᠢᠨ ᠫᠢᠩ᠄ ᠬᠠᠷᠪᠢᠨ ᠤ ᠶᠢᠰᠦᠳᠦᠭᠡᠷ ᠬᠤᠭᠤᠴᠠᠭᠠᠨ ᠤ | ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠡᠬᠢᠯᠡᠯ᠎ᠡ︕ ᠭᠡᠵᠦ ᠵᠠᠷᠯᠠᠪᠠ᠃ ᠲᠡᠷᠡᠬᠡᠨ ᠵᠠᠭᠤᠷ᠎ᠠ | ᠲᠠᠯᠠᠪᠠᠢ ᠳᠠᠶᠠᠭᠠᠷ ᠢᠶᠠᠨ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ ᠥᠩᠭᠡ ᠢᠯᠭᠠᠷᠠᠮ᠎ᠠ ᠬᠤᠸᠠᠷ ᠫᠤᠤᠵᠢᠩ ᠰᠥᠨᠢ ᠶᠢᠨ | ᠣᠭᠲᠠᠷᠭᠤᠢ ᠶᠢ ᠭᠡᠷᠡᠯᠳᠦᠭᠦᠯᠪᠠ᠃ | ᠮᠠᠨ ᠤ ᠤᠯᠤᠰ ᠤᠨ 6 ᠰᠢᠯᠢᠳᠡᠭ ᠲᠠᠮᠢᠷᠴᠢᠨ ᠤ ᠲᠥᠯᠥᠭᠡᠯᠡᠭᠴᠢ ᠠᠽᠢᠶ᠎ᠠ ᠲᠢᠪ ᠤᠨ ᠣᠯᠢᠮᠫᠢᠺ ᠤᠨ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠬᠡᠷᠡᠭ ᠡᠷᠬᠢᠯᠡᠭᠴᠢᠳ ᠤᠨ ᠬᠤᠷᠠᠯ ᠤᠨ ᠲᠤᠭ ᠢ ᠪᠠᠷᠢᠨ ᠲᠠᠯᠠᠪᠠᠶ ᠳᠤ ᠣᠷᠣᠪᠠ᠃ ᠠᠽᠢᠶ᠎ᠠ | ᠲᠢᠪ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠡᠷᠡᠭ ᠡᠷᠬᠢᠯᠡᠭᠴᠢᠳ ᠤᠨ ᠬᠤᠷᠠᠯ ᠤᠨ ᠳᠠᠭᠤᠤ ᠶᠢᠨ | ᠳᠤᠮᠳᠠ ᠠᠽᠢᠶ᠎ᠠ ᠲᠢᠪ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠡᠷᠡᠭ ᠡᠷᠬᠢᠯᠡᠭᠴᠢᠳ ᠤᠨ ᠬᠤᠷᠠᠯ ᠤᠨ | ᠲᠤᠭ ᠠᠯᠭᠤᠷ ᠮᠠᠨᠳᠤᠵᠤ᠂ ᠲᠠᠪᠤᠨ ᠣᠳᠣᠲᠤ ᠤᠯᠠᠭᠠᠨ ᠲᠤᠭ ᠲᠠᠢ ᠬᠠᠮᠲᠤ ᠥᠨᠳᠥᠷ ᠲᠤ ᠨᠠᠮᠢᠷᠠᠨ᠎ᠠ᠃ | ᠲᠠᠮᠢᠷᠴᠢᠨ ᠨᠢᠩ ᠵᠦᠩ ᠶᠠᠨ ᠪᠣᠯᠣᠨ ᠼᠠᠢ ᠰᠢᠤᠸᠠᠢ ᠲᠦᠩ᠂ ᠬᠢᠨᠠᠭᠴᠢ ᠵᠠᠩ ᠴᠦᠨ ᠬᠤᠢ ᠪᠣᠯᠣᠨ ᠴᠧᠨ ᠸᠧᠨ | ᠬᠤᠩ ᠲᠤᠰ ᠲᠤᠰ ᠪᠦᠭᠦ ᠤᠷᠤᠯᠳᠤᠭᠠᠨ ᠳᠤ ᠣᠷᠤᠯᠴᠠᠬᠤ ᠲᠠᠮᠢᠷᠴᠢᠨ ᠪᠣᠯᠣᠨ ᠬᠢᠨᠠᠭᠴᠢ ᠶᠢ ᠲᠥᠯᠥᠭᠡᠯᠡᠨ ᠲᠠᠩᠭᠠᠷᠢᠭᠯᠠᠪᠠ᠃ | | ᠳᠠᠷᠠᠭ᠎ᠠ ᠨᠢ ᠲᠣᠮᠣ ᠳᠡᠯᠭᠡᠴᠡ ᠳᠡᠭᠡᠷ᠎ᠡ ᠲᠠᠯᠪᠢᠭᠰᠠᠨ ︽ᠴᠤᠭ ᠪᠠᠳᠠᠷᠠᠩᠭᠤᠢ ᠡᠪᠦᠯ︾ ᠭᠡᠬᠦ ᠣᠬᠤᠷ ᠹᠢᠯᠢᠮ ᠪᠦᠭᠦ | ᠲᠠᠯᠠᠪᠠᠶ ᠶᠢᠨ ᠠᠩᠬᠠᠷᠤᠯ ᠢ ᠲᠠᠲᠠᠪᠠ᠄ ᠮᠥᠰᠥ ᠴᠠᠰᠤ ᠪᠠᠷ ᠪᠠᠶᠠᠰᠤᠯ ᠪᠤᠯᠭᠠᠬᠰᠠᠨ ᠬᠠᠷᠪᠢᠨ ᠤ ᠬᠥᠮᠥᠰ᠂ ︽ᠬᠤᠣᠰ ᠠᠽᠢᠶ᠎ᠠ | ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠬᠤᠲᠠ︾ ᠶᠢᠨ ᠬᠠᠯᠠᠭᠤᠨ ᠰᠡᠳᠬᠢᠯᠭᠡ ᠶᠢ ᠢᠯᠡᠷᠡᠭᠦᠯᠪᠡ᠃ | ᠤᠷᠠᠨ ᠰᠠᠶᠢᠬᠠᠨ ᠤ ᠲᠣᠬᠯᠠᠯᠲᠠ ᠡᠬᠢᠯᠡᠪᠡ᠂ ᠲᠣᠬᠯᠠᠯᠲᠠ ᠶᠢ ᠳᠡᠭᠡᠳᠦ ᠳᠤᠮᠳᠠ ᠳᠣᠣᠷᠠᠳᠤ ᠭᠤᠷᠪᠠᠨ ᠪᠦᠯᠦᠭ | ᠬᠤᠪᠢᠶᠠᠵᠠᠢ᠃ ᠳᠡᠭᠡᠳᠦ ᠪᠦᠯᠦᠭ ︽ᠭᠠᠯ ᠬᠠᠯᠠᠭᠤᠨ ᠮᠥᠰᠥ ᠴᠠᠰᠤ︾ ᠨᠢ ᠬᠠᠩᠭᠢᠨᠠᠮ᠎ᠠ ᠪᠦᠷᠢᠶ᠎ᠡ ᠶᠢᠨ ᠳᠤᠮᠳᠠ ᠡᠬᠢᠯᠡᠵᠦ᠂ | ᠮᠥᠰᠥ ᠲᠡᠭᠦᠭᠰᠡᠨ ᠡᠷᠡᠴᠦᠳ ᠴᠠᠷᠢᠯ ᠠᠳᠬᠤᠵᠤ᠂ ᠮᠥᠰᠥ ᠭᠢᠰᠬᠢᠯᠡᠨ ᠪᠥᠵᠢᠭᠯᠡᠵᠦ᠂ ᠮᠥᠰᠥ ᠰᠠᠴᠤᠭᠳᠠᠨ᠂ ᠤᠯᠠᠭᠠᠨ | ᠳᠤᠷᠳᠤᠩ ᠨᠠᠮᠢᠷᠠᠵᠤ᠂ ᠲᠣᠰ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ | ᠰᠦᠯᠳᠡ ︽ᠳᠠᠪᠠᠯᠲᠠ︾ ᠳᠤ ᠭᠦᠭ ᠨᠡᠮᠡᠵᠦ᠂ ᠪᠠᠯᠧᠲ ᠪᠥᠵᠢᠭᠴᠢᠳ ᠮᠥᠰᠥ ᠴᠠᠰᠤᠨ ᠤ ᠳᠤᠮᠳᠠ ᠳᠡᠪᠬᠡᠷᠦᠨ ᠪᠥᠵᠢᠭᠯᠡᠵᠦ | ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠰᠠᠶᠢᠨ ᠰᠠᠶᠢᠬᠠᠨ ᠪᠠᠶᠢᠳᠠᠯ ᠢ ᠵᠢᠷᠤᠭᠯᠠᠪᠠ᠃ ᠳᠤᠮᠳᠠ | ᠪᠦᠯᠦᠭ ︽ᠳᠦᠷᠡᠯᠵᠡᠭᠰᠡᠨ ᠬᠤᠷᠳᠤ︾ ᠳᠤ᠂ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ | ᠣᠷᠤᠯᠴᠠᠬᠤ ᠲᠠᠮᠢᠷᠴᠢᠳ ᠤᠨ ᠭᠠᠯᠪᠢᠷ ᠲᠥᠷᠬᠦ ᠬᠥᠰᠢᠭᠡᠨ ᠳᠡᠭᠡᠷ᠎ᠡ ᠭᠢᠯᠠᠯᠵᠠᠨ ᠢᠯᠡᠷᠡᠵᠦ᠂ ᠮᠥᠰᠥ ᠴᠠᠰᠤ ᠶᠢ ᠡᠷᠬᠡᠰᠢᠶᠡᠬᠦ | ᠰᠦᠷ ᠵᠢᠪᠬᠤᠭ᠎ᠠ ᠪᠠᠨ ᠪᠠᠳᠠᠷᠠᠭᠤᠯᠵᠤ᠂ ᠪᠠᠶᠠᠷ ᠪᠠᠶᠠᠰᠬᠤᠯᠠᠩᠲᠤ ᠬᠥᠮᠥᠰ ᠬᠠᠮᠲᠤ ᠪᠠᠷ ᠪᠥᠵᠢᠭᠯᠡᠵᠦ᠂ ᠪᠣᠷᠣᠭᠵᠢᠭᠤᠨ | ᠬᠥᠭᠡᠷᠦᠬᠦᠨ ︽ᠲᠣᠮᠣ ᠴᠠᠰᠤᠨ ᠬᠥᠮᠥᠨ︾ ᠲᠠᠯᠠᠪᠠᠢ ᠳᠤᠮᠳᠠ ᠢᠯᠡᠷᠡᠵᠦ᠂ ᠮᠥᠰᠥᠨ ᠬᠤᠳᠠ ᠶᠢᠨ ᠪᠠᠶᠠᠷᠲᠤ ᠮᠥᠴᠡ ᠶᠢ | ᠬᠠᠮᠲᠤ ᠬᠤᠪᠢᠶᠠᠯᠴᠠᠪᠠ᠃ ᠳᠣᠣᠷᠠᠳᠤ ᠪᠦᠯᠦᠭ ︽ᠦᠵᠡᠰᠬᠦᠯᠡᠩᠲᠦ ᠰᠠᠶᠢᠬᠠᠨ ᠠᠭᠤᠯᠠ ᠤᠰᠤ︾ ᠳᠤ᠂ ᠪᠥᠵᠢᠭᠴᠢᠨ | ᠠᠽᠢᠶ᠎ᠠ ᠲᠢᠪ ᠤᠨ ᠣᠨᠴᠠᠯᠢᠭ ᠲᠠᠢ ᠬᠤᠪᠴᠠᠰᠤ ᠵᠠᠰᠠᠯ ᠢᠶᠠᠨ ᠡᠮᠦᠰᠴᠦ᠂ ᠬᠠᠯᠠᠭᠤᠮᠰᠤᠭ ᠰᠡᠳᠬᠢᠯᠭᠡ ᠲᠠᠢ ᠭᠤᠶᠢᠳᠠ | ᠪᠥᠵᠢᠭ ᠢᠶᠠᠷ ᠥᠪᠡᠷ ᠥᠪᠡᠷ ᠤᠨ ᠭᠤᠸ᠎ᠠ ᠰᠠᠶᠢᠬᠠᠨ ᠢᠶᠠᠨ ᠬᠠᠷᠠᠭᠤᠯᠵᠤ᠂ ᠭᠤᠸᠠᠯᠢᠭ ᠰᠠᠶᠢᠬᠠᠨ ᠢᠶᠠᠨ ᠬᠠᠮᠲᠤᠳᠬᠠᠭᠰᠠᠨ | ᠠᠮᠢᠳᠤᠯᠢᠭ ᠵᠢᠷᠤᠭ ᠳᠦᠷᠰᠦ ᠶᠢ ᠳᠡᠯᠭᠡᠨ ᠦᠵᠡᠭᠦᠯᠵᠦ᠂ ᠥᠪᠡᠷᠮᠢᠴᠡ ᠣᠨᠴᠠᠯᠢᠭ ᠪᠦᠬᠦᠢ ︽ᠨᠠᠷᠠᠪᠴᠢ ᠶᠢᠨ ᠳᠠᠭᠤᠤ | ᠬᠥᠭᠵᠢᠮ ᠤᠨ ᠦᠳᠡᠰᠢᠯᠡᠭᠡ︾ ᠨᠢ ᠲᠠᠶᠢᠰᠠᠨ ᠤ ᠲᠠᠪᠴᠠᠩ ᠠᠴᠠ ᠦᠵᠡᠭᠴᠢᠳ ᠤᠨ ᠰᠠᠭᠤᠳᠠᠯ ᠭᠦᠷᠲᠡᠯ᠎ᠡ ᠦᠷᠭᠦᠯᠵᠢᠯᠡᠵᠦ᠂ | ᠴᠣᠭᠯᠢᠭ ᠨᠣᠲ ᠠᠶᠠᠰ ᠨᠢ ᠬᠤᠪᠢ ᠵᠠᠶᠠᠭ᠎ᠠ ᠨᠢᠭᠡᠲᠡᠢ᠂ ᠠᠽᠢᠶ᠎ᠠ ᠲᠢᠪ ᠤᠨ ᠭᠡᠷ ᠪᠦᠯᠢ ᠶᠢᠨ ᠬᠢᠨ ᠤ ᠰᠡᠳᠬᠢᠯ ᠤᠨ | ᠬᠥᠪᠴᠢ ᠶᠢ ᠴᠢᠪᠬᠠᠳᠠᠪᠠ᠃ | 21 ᠴᠠᠭ 24 ᠮᠢᠨᠦ᠋ᠲ ᠲᠤ᠂ ᠭᠤᠣᠯ ᠭᠠᠯ ᠪᠠᠮᠪᠠᠷ ᠢ ᠨᠣᠴᠣᠭᠠᠬᠤ ᠶᠣᠰᠣᠯᠠᠯ ᠡᠬᠢᠯᠡᠪᠡ᠃ ᠲᠣᠮᠣ | ᠳᠡᠯᠭᠡᠴᠡ ᠪᠠᠷ ᠲᠠᠮᠵᠢᠨ ᠲᠤᠬᠠᠢ ᠶᠢᠨ ᠲᠠᠯᠠᠪᠠᠢ ᠳᠤ ᠬᠠᠷᠪᠢᠨ ᠤ ᠮᠥᠰᠥ ᠴᠠᠰᠤᠨ ᠤ ᠶᠢᠷᠲᠢᠨᠴᠦ ᠶᠢᠨ ᠬᠤᠪᠢᠶᠠᠷᠢ | ᠲᠠᠯᠠᠪᠠᠢ ᠲᠠᠢ ᠨᠡᠪᠲᠡᠷᠡᠯᠴᠡᠵᠦ᠂ ᠶᠠᠩ ᠶᠠᠩ᠂ ᠬᠠᠨ ᠰᠢᠶᠣᠣ ᠫᠧᠩ᠂ ᠸᠠᠩ ᠵᠧᠨ᠂ ᠵᠠᠩ ᠬᠤᠩ ᠵᠡᠷᠭᠡ 4 ᠭᠠᠯ ᠪᠠᠮᠪᠠᠷᠴᠢᠨ | ᠪᠤᠤᠬᠢᠶ᠎ᠠ ᠳᠠᠮᠵᠢᠭᠤᠯᠤᠨ ᠪᠦᠭᠦ ᠲᠠᠯᠠᠪᠠᠢ ᠶᠢᠨ ᠬᠥᠮᠥᠰ ᠤᠨ ᠬᠠᠯᠠᠭᠤᠨ ᠠᠯᠠᠭ᠎ᠠ ᠲᠡᠰᠢᠯᠲᠡ ᠶᠢ ᠣᠯᠪᠠ᠃ ᠮᠥᠰᠥᠨ ᠳ᠋ᠧᠩ | ᠪᠠᠷᠢᠵᠤ ᠶᠠᠪᠤᠭ᠎ᠠ ᠬᠡᠦᠬᠡᠳ ᠤᠳ ᠭᠠᠯ ᠪᠠᠮᠪᠠᠷᠴᠢᠳ ᠲᠠᠢ ᠭᠠᠷ ᠬᠤᠯᠪᠣᠨ ᠤᠷᠤᠭᠰᠢᠯᠠᠵᠤ᠂ ᠭᠤᠣᠯ ᠭᠠᠯ ᠪᠠᠮᠪᠠᠷ ᠤᠨ | ᠰᠤᠪᠤᠷᠭ᠎ᠠ ᠶᠢᠨ ᠭᠠᠯ ᠪᠠᠮᠪᠠᠷ ᠢ ᠬᠠᠮᠲᠤ ᠪᠠᠷ ᠠᠰᠠᠭᠠᠵᠤ᠂ ︽ᠴᠠᠰᠤᠨ ᠡᠭᠡᠰᠢᠭᠲᠦ ᠭᠤᠣᠯᠲᠤ ᠪᠣᠷᠣ︾ ᠭᠡᠷᠡᠯ ᠰᠠᠴᠤᠷᠠᠨ᠂ | ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠠᠷᠢᠭᠤᠨ ᠭᠠᠯ ᠳᠦᠷᠡᠯᠵᠡᠨ ᠨᠣᠴᠣᠪᠠ᠃ | ᠳᠠᠶᠠᠭᠠᠷ ᠢᠶᠠᠨ ︽ᠠᠽᠢᠶ᠎ᠠ ᠲᠢᠪ ᠢ ᠭᠡᠶᠢᠭᠦᠯᠦᠶ᠎ᠡ︾ ᠭᠡᠬᠦ ᠭᠤᠣᠯ ᠰᠡᠳᠦᠪᠲᠦ ᠳᠠᠭᠤᠤ ᠶᠢ ᠳᠠᠭᠤᠯᠠᠵᠤ᠂ | ᠪᠦᠭᠦ᠋ᠢᠯᠡ ᠲᠠᠯᠠᠪᠠᠶ ᠣᠷᠳᠣᠨ ᠢ ᠪᠠᠶᠠᠷ ᠪᠠᠶᠠᠰᠬᠤᠯᠠᠩ ᠭᠦᠷ ᠬᠥᠭᠵᠢᠶᠡᠨ ᠢᠶᠠᠷ ᠪᠢᠯᠬᠠᠭᠤᠯᠪᠠ᠃ | ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠤᠯᠠᠨ ᠤᠯᠤᠰ ᠤᠨ ᠬᠦᠨᠳᠦᠲᠦ ᠵᠣᠴᠢᠳ ᠲᠤ᠄ ᠪᠷᠦ᠋ᠨ᠋ᠸᠢ ᠶᠢᠨ | ᠰᠦᠳᠠᠨ ᠬᠠᠰᠠᠩᠨᠠᠷ᠂ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠪᠣᠯᠣᠨ ᠲᠡᠭᠦᠨ ᠤ ᠬᠠᠳᠤᠨ ᠵᠠᠫᠠᠯᠤᠸᠠ᠂ ᠫᠠᠺᠢᠰᠲ᠋ᠠᠨ ᠤ | ᠶᠡᠷᠦᠩᠬᠡᠶᠢᠯᠡᠭᠴᠢ ᠵᠠᠷᠳᠠᠯᠢ᠂ ᠲᠠᠢ ᠤᠯᠤᠰ ᠤᠨ ᠶᠡᠷᠦᠩᠬᠡᠢ ᠰᠠᠶᠢᠳ ᠫᠧᠶᠢᠲ᠋ᠦ᠋ᠩᠲ᠋ᠠᠨ᠂ ᠺᠤᠷᠢᠶᠠ ᠶᠢᠨ ᠤᠯᠤᠰ ᠤᠨ | ᠬᠤᠷᠠᠯ ᠤᠨ ᠳᠠᠷᠤᠭ᠎ᠠ ᠢᠦᠢ ᠶᠤᠸᠠᠨ ᡁᠢ ᠪᠣᠯᠣᠨ ᠲᠡᠭᠦᠨ ᠤ ᠬᠠᠳᠤᠨ ᠱᠧᠨ ᠵᠢᠩ ᠬᠤᠢ ᠪᠤᠢ᠃ | ᠸᠠᠩ ᠢ᠂ ᠾᠧ ᠯᠢ ᠹᠧᠩ᠂ ᠸᠠᠩ ᠰᠢᠶᠣᠣ ᠬᠤᠩ᠂ ᠱᠧᠨ ᠢ ᠴᠢᠨ ᠡᠭᠢᠯᠡᠯᠲᠡ ᠶᠢᠨ ᠶᠣᠰᠣᠯᠠᠯ ᠳᠤ | ᠣᠷᠣᠯᠴᠠᠪᠠ᠃ | ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ᠂ ᠣᠣᠮᠧᠨ | ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠼᠧᠨ ᠬᠤᠤ ᠬᠤᠢ ᠡᠭᠢᠯᠡᠯᠲᠡ ᠶᠢᠨ ᠶᠣᠰᠣᠯᠠᠯ ᠳᠤ | ᠣᠷᠣᠯᠴᠠᠪᠠ᠃ | ᠠᠽᠢᠶ᠎ᠠ ᠲᠢᠪ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠡᠷᠡᠭ ᠡᠷᠬᠢᠯᠡᠭᠴᠢᠳ ᠤᠨ ᠬᠤᠷᠠᠯ ᠤᠨ | ᠲᠤᠰᠢᠶᠠᠯᠲᠠᠨ ᠨᠠᠷ ᠡᠭᠢᠯᠡᠯᠲᠡ ᠶᠢᠨ ᠶᠣᠰᠣᠯᠠᠯ ᠳᠤ ᠣᠷᠣᠯᠴᠠᠪᠠ᠃ | | | | | | | |