| ᠨᠠᠮ ᠤᠨ ᠬᠤᠷᠢᠳᠤᠭᠠᠷ ᠶᠡᠭᠡ ᠬᠤᠷᠠᠯ ᠵᠢᠴᠢ ᠨᠠᠮ ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ | ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠲᠤᠭᠤᠰᠢᠯᠠᠭᠤᠯᠥᠨ ᠨᠠᠶᠢᠳᠠᠪᠤᠷᠢᠵᠢᠭᠤᠯᠥᠨ᠂ | ᠰᠢ ᠶᠢᠨ ᠫᠢᠩ ᠶᠡᠷᠥᠩᠬᠡᠢ ᠱᠦᠵᠢ ᠶᠢᠨ ᠡᠮᠡᠭᠳᠡᠶᠢᠴᠤᠳ ᠢ ᠬᠠᠯᠠᠮᠵᠢᠯᠠᠨ᠂ ᠡᠮᠡᠭᠳᠡᠶᠢᠴᠤᠳ ᠤᠨ ᠥᠢᠯᠡᠰ ᠢ | ᠴᠢᠬᠤᠯᠠᠴᠢᠯᠠᠵᠤ ᠪᠠᠶᠢᠭ᠎ᠠ ᠶᠢ ᠬᠦᠨᠵᠡᠬᠡᠢ ᠤᠶᠢᠯᠠᠭᠠᠭᠤᠯᠬᠤ ᠪᠠᠷ᠂ 3 ᠰᠠᠷ᠎ᠠ ᠶᠢᠨ 5 ᠤ ᠡᠳᠥᠷ᠂ ᠬᠢᠨᠭ᠍ᠭᠠᠨ ᠠᠶᠢᠮᠠᠭ ︽ | 3 · 8︾ ᠤ ᠳᠡᠯᠡᠬᠡᠢ ᠶᠢᠨ ᠬᠦᠳᠡᠯᠮᠤᠷᠴᠢᠨ ᠡᠮᠡᠭᠳᠡᠶᠢᠴᠤᠳ ᠤᠨ ᠪᠠᠶᠠᠷ ᠢ ᠪᠠᠶᠠᠷᠯᠠᠨ ᠪᠡᠯᠭᠡᠯᠡᠬᠦ ᠤᠷᠠᠨ ᠰᠠᠶᠢᠬᠠᠨ ᠤ | ᠲᠤᠭᠯᠠᠯᠳᠠ ᠭᠠᠷᠭᠠᠪᠠ᠃ | ᠬᠢᠨᠭ᠍ᠭᠠᠨ ᠠᠶᠢᠮᠠᠭ ᠤᠨ ᠡᠯ᠎ᠡ ᠬᠤᠰᠢᠭᠤ ᠰᠢᠶᠠᠨ ᠬᠤᠳᠠ ᠶᠢᠨ ᠡᠮᠡᠭᠳᠡᠶᠢᠴᠤᠳ ᠤᠨ ᠬᠤᠯᠪᠤᠭ᠎ᠠ ᠶᠢᠨ ᠬᠢᠨ | ᠬᠠᠮᠳᠤᠷᠠᠨ ᠳᠠᠭᠤᠤ ᠪᠦᠵᠢᠭ᠂ ᠬᠤᠪᠴᠠᠰᠥ ᠵᠠᠰᠠᠯ ᠤᠨ ᠦᠵᠡᠬᠦᠯᠭᠡ ᠵᠡᠷᠭᠡ ᠲᠤᠭᠯᠠᠯᠳᠠ ᠭᠠᠷᠭᠠᠵᠤ᠂ ᠬᠦᠷᠥᠯᠴᠡᠨ | ᠢᠷᠡᠭᠰᠡᠨ ᠦᠵᠡᠭᠴᠢᠳ ᠤᠨ ᠬᠠᠷᠠᠭ᠎ᠠ ᠰᠤᠨᠤᠷ ᠢ ᠪᠠᠶᠠᠰᠬᠠᠭᠰᠠᠨ ᠪᠠᠶᠢᠨ᠎ᠠ᠃ | ᠤᠷᠠᠨ ᠰᠠᠶᠢᠬᠠᠨ ᠤ ᠲᠤᠭᠯᠠᠯᠳᠠ ᠶᠢᠨ ᠠᠬᠤᠢ ᠳᠠᠯᠠᠪᠠᠢ ᠳᠤ᠂ ᠪᠠᠰᠠ ︽ᠪᠦᠬᠦ ᠤᠯᠤᠰ ᠤᠨ ︿3 · 8﹀ | ᠤᠯᠠᠭᠠᠨ ᠳᠤᠭᠴᠢ ᠬᠠᠮᠳᠥ ᠨᠡᠶᠢᠳᠡ︾ ᠪᠤᠯᠤᠨ ︽ᠪᠦᠬᠦ ᠤᠯᠤᠰ ᠤᠨ ᠡᠭᠡ ᠤᠷᠤᠨᠴᠢ ᠦᠵᠡᠯ ᠤᠨ ᠪᠤᠯᠪᠠᠰᠥᠨ | ᠠᠵᠢᠯ ᠤᠨ ᠪᠠᠶᠢᠷᠢ︾ ᠶᠢᠨ ᠢᠷᠠᠭᠤ ᠠᠯᠳᠠᠷ ᠢ ᠬᠦᠷᠳᠡᠭᠰᠡᠨ ᠬᠢᠨᠭ᠍ᠭᠠᠨ ᠢᠯᠴᠢ ᠴᠠᠬᠢᠯᠭᠠᠨ ᠤ ᠬᠢᠵᠠᠭᠠᠷᠳᠥ | ᠺᠤᠮᠫᠠᠨᠢ ᠶᠢᠨ ᠡᠵᠡᠩᠨᠡᠯᠳᠡ ᠶᠢᠨ ᠬᠡᠯᠳᠡᠰ ᠤᠨ ᠬᠢᠮᠢ ᠶᠢᠨ ᠲᠤᠷᠰᠢᠯᠳᠠ ᠶᠢᠨ ᠠᠵᠢᠯ ᠤᠨ ᠲᠠᠰᠤᠭ ᠪᠠ ᠳᠤᠮᠳᠠᠳᠥ | ᠤᠯᠤᠰ ᠤᠨ ᠳᠠᠷᠢᠶᠠᠯᠠᠩ ᠤᠨ ᠪᠠᠩᠬᠢ ᠶᠢᠨ ᠬᠤᠪᠢ ᠤᠷᠤᠭᠤᠯᠤᠭᠰᠠᠨ ᠬᠢᠵᠠᠭᠠᠷᠳᠥ ᠺᠤᠮᠫᠠᠨᠢ ᠶᠢᠨ ᠤᠯᠠᠭᠠᠨᠬᠤᠳᠠ ᠳᠠᠬᠢ | ᠬᠢᠨᠭ᠍ᠭᠠᠨ ᠬᠤᠪᠢᠶᠠᠷᠢ ᠪᠠᠩᠬᠢ ᠶᠢᠨ ᠡᠵᠡᠩᠨᠡᠯᠳᠡ ᠶᠢᠨ ᠲᠠᠰᠤᠭ ᠤᠨ ᠲᠦᠯᠥᠭᠡᠯᠡᠭᠴᠢ ᠠᠴᠠ ᠱᠠᠩᠨᠠᠯ ᠬᠦᠷᠳᠡᠭᠰᠡᠨ | ᠤᠯᠤᠯᠳᠠ ᠲᠦᠷᠥᠭᠳᠡᠯ ᠢᠶᠠᠨ ᠬᠤᠪᠢᠶᠠᠯᠴᠠᠪᠡ᠃ ᠪᠦᠬᠦ ᠤᠯᠤᠰ ᠤᠨ ︽3 · 8︾ ᠤᠯᠠᠭᠠᠨ ᠳᠤᠭᠴᠢ ᠶᠢᠨ ᠢᠷᠠᠭᠤ | ᠠᠯᠳᠠᠷ ᠢ ᠬᠦᠷᠳᠡᠭᠰᠡᠨ ᠵᠠᠯᠠᠶᠢᠳ ᠬᠤᠰᠢᠭᠤᠨ ᠤ ᠢᠤᠢ ᠵᠧᠨ ᠳᠠᠷᠢᠶᠠᠯᠠᠩ ᠮᠠᠯ ᠠᠵᠤ ᠠᠬᠤᠢ ᠶᠢᠨ ᠲᠤᠰᠬᠠᠢ | ᠬᠤᠷᠰᠢᠶᠠᠵᠢᠯ ᠤᠨ ᠬᠠᠷᠢᠭᠤᠴᠠᠯᠭᠠᠳᠠᠨ ᠵᠢᠶᠠᠩ ᡁᠢ ᠬᠤᠸᠠ ᠠᠴᠠ ᠠᠵᠢᠯ ᠤᠨ ᠳᠤᠷᠰᠢᠯᠭ᠎ᠠ ᠪᠠᠨ ᠤᠯᠠᠨ ᠲᠠᠢ | ᠬᠤᠪᠢᠶᠠᠯᠴᠠᠨ᠂ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ ᠠᠶᠠᠨ ᠳᠤ ᠡᠮᠡᠭᠳᠡᠶᠢᠴᠤᠳ ᠢ ᠳᠠᠶᠢᠴᠢᠯᠠᠨ᠂ | ᠬᠠᠭᠠᠰ ᠲᠤᠯᠭᠠᠭᠤᠷᠢ ᠶᠢᠨ ᠥᠢᠯᠡᠳᠥᠯ ᠢ ᠪᠠᠳᠠᠷᠠᠭᠤᠯᠵᠦ᠂ ᠬᠠᠮᠳᠥ ᠪᠠᠷ ᠪᠠᠶᠠᠵᠢᠯ ᠤᠨ ᠵᠠᠮ ᠢᠶᠠᠷ ᠵᠠᠮᠨᠠᠨ᠎ᠠ ᠭᠡᠵᠤ | ᠵᠤᠷᠢᠭ ᠢᠶᠠᠨ ᠢᠯᠡᠳᠭᠡᠵᠡᠢ᠃ ︵ᠤᠷᠠᠨᠳᠤᠳᠢ︶ |