| | ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤᠨ ᠳᠤ᠂ ᠡᠯ᠎ᠡ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ | ᠶᠡᠷᠦ ᠨᠢ ᠨᠢᠭᠡᠨ ᠶᠠᠭᠠᠷᠠᠯᠲᠠᠢ ᠠᠵᠢᠯᠯᠠᠵᠤ ᠪᠠᠶᠢᠭ᠎ᠠ ᠬᠥᠮᠦᠨ ᠢ ᠣᠯᠵᠤ ᠬᠠᠷᠠᠳᠠᠭ᠂ ᠲᠡᠷᠡ ᠪᠣᠯ ᠨᠥᠬᠦᠷᠯᠡᠯ | ᠭᠠᠴᠠᠭᠠᠨ ᠤ ᠰᠣᠶᠣᠯ ᠤᠨ ᠳᠠᠷᠤᠭ᠎ᠠ ᠪᠠᠶ ᠹᠧᠩ᠂ ᠯᠸᠢ ᠹᠧᠩ ᠤᠨ ᠵᠣᠷᠢᠭ ᠰᠠᠨᠠᠭ᠎ᠠ ᠶᠢ ᠴᠢᠰᠤ ᠮᠢᠬ᠎ᠠ ᠲᠠᠢ | ᠠᠭᠤᠰᠤᠯᠴᠠᠭᠤᠯᠤᠭᠰᠠᠨ ᠰᠢᠨ᠎ᠡ ᠴᠠᠭ ᠦᠶ᠎ᠡ ᠶᠢᠨ ᠰᠣᠶᠣᠯ ᠤᠨ ᠭᠠᠴᠠᠭᠠᠨ ᠤ ᠳᠠᠷᠤᠭ᠎ᠠ ᠪᠣᠯᠤᠨ᠎ᠠ᠃ | ᠲᠠᠶᠢᠰᠠᠨ ᠳᠡᠭᠡᠷᠡᠬᠢ ︽ᠯᠧᠢ ᠹᠧᠩ︾᠄ ᠤᠷᠠᠯᠢᠭ ᠢᠶᠠᠷ ᠬᠠᠶᠢᠷ᠎ᠠ ᠬᠠᠯᠠᠮᠵᠢ ᠶᠢ ᠳᠠᠮᠵᠢᠭᠤᠯᠤᠨ᠎ᠠ | ᠪᠠᠢ ᠹᠸᠡᠭ ᠨᠥᠬᠦᠷ ᠰᠣᠶᠣᠯ ᠤᠨ ᠠᠭᠤᠯᠬᠤᠨ ᠢ ᠭᠦᠨᠵᠡᠭᠡᠢ ᠣᠶᠢᠯᠠᠭᠠᠵᠤ᠂ ᠲᠡᠷᠡ ᠡᠯ᠎ᠡ ᠲᠦᠷᠦᠯ ᠤᠨ | ᠤᠷᠠᠨ ᠰᠠᠶᠢᠬᠠᠨ ᠤ ᠲᠣᠭᠯᠠᠯᠲᠠ ᠶᠢ ᠢᠳᠡᠪᠬᠢᠲᠡᠢ ᠵᠣᠬᠢᠶᠠᠨ ᠪᠠᠶᠢᠭᠤᠯᠵᠤ᠂ ᠭᠤᠶᠢᠳᠠ ᠰᠠᠶᠢᠬᠠᠨ ᠲᠣᠭᠯᠠᠯᠲᠠ ᠶᠢ | ᠦᠨᠳᠦᠰᠦᠨ ᠱᠠᠲᠤᠨ ᠤ ᠤᠯᠠᠨ ᠲᠦᠮᠡᠨ ᠤ ᠳᠡᠷᠭᠡᠳᠡ ᠬᠦᠷᠭᠡᠨ᠎ᠡ᠃ ᠪᠦᠬᠦ ᠪᠠᠯᠭᠠᠰᠤᠨ ᠤ ᠬᠥᠷ ᠬᠥᠭᠵᠢᠶᠡᠨ ᠲᠠᠢ | ᠰᠣᠶᠣᠯ ᠤᠨ ᠠᠭᠤᠳᠠᠮ ᠲᠠᠯᠠᠪᠠᠢ ᠭᠡᠰᠡᠨ ᠦᠭᠡᠢ᠂ ᠪᠤᠶᠢᠳᠠ ᠪᠥᠭᠯᠡᠭᠦᠦ ᠬᠥᠳᠡᠭᠡ ᠲᠣᠰᠬᠤᠨ ᠳᠤ ᠭᠡᠰᠡᠨ ᠦᠭᠡᠢ | ᠴᠥᠮ ᠲᠡᠭᠦᠨ ᠤ ᠶᠠᠭᠠᠷᠠᠯᠲᠠᠢ ᠪᠠᠷ᠎ᠠ ᠶᠢ ᠣᠯᠵᠤ ᠬᠠᠷᠠᠨ᠎ᠠ᠃ ᠲᠡᠷᠡ ᠪᠠᠷ ᠤᠳᠬ᠎ᠠ ᠤᠷᠠᠯᠢᠭ ᠤᠨ ᠠᠵᠢᠯᠲᠠᠳ ᠢ | ᠳᠠᠭᠠᠭᠤᠯᠤᠨ᠂ ᠤᠯᠠᠨ ᠲᠦᠮᠡᠨ ᠤ ᠦᠵᠡᠵᠦ ᠰᠣᠨᠣᠰᠬᠤ ᠳᠤᠷᠠᠲᠠᠢ ᠲᠣᠭᠯᠠᠯᠲᠠ ᠶᠢ ᠨᠠᠷᠢᠨ ᠬᠢᠨᠠᠮᠠᠭᠠᠢ ᠨᠠᠶᠢᠷᠠᠭᠤᠯᠵᠤ᠂ | ᠳᠠᠭᠤᠤ᠂ ᠪᠥᠵᠢᠭ ᠵᠡᠷᠭᠡ ᠬᠡᠯᠪᠡᠷᠢ ᠪᠠᠷ ᠨᠠᠮ ᠤᠨ ᠲᠦᠷᠦ ᠶᠢᠨ ᠪᠤᠳᠤᠯᠭ᠎ᠠ ᠶᠢ ᠤᠬᠠᠭᠤᠯᠵᠤ᠂ ᠴᠠᠭ ᠦᠶ᠎ᠡ ᠶᠢᠨ | ᠭᠤᠣᠯ ᠬᠦᠭ ᠠᠶᠠᠰ ᠢ ᠴᠢᠪᠬᠠᠳᠠᠵᠤ᠂ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ᠃ | | | | | | | ᠰᠠᠶᠢᠨ ᠳᠤᠷ᠎ᠠ ᠶᠢᠨ ᠦᠢᠯᠡᠴᠢᠯᠡᠭᠡ ᠶᠢᠨ ᠳᠤᠮᠳᠠᠬᠢ ︽ᠯᠧᠢ ᠹᠧᠩ︾᠄ ᠦᠢᠯᠡ ᠠᠵᠢᠯᠯᠠᠭ᠎ᠠ ᠪᠠᠷ ᠢᠶᠠᠨ | ᠬᠤᠪᠢ ᠨᠡᠮᠡᠷᠢ ᠦᠵᠡᠭᠦᠯᠣᠨᠡ | ᠪᠠᠢ ᠹᠸᠡᠭ ᠨᠦᠭᠦᠷ ᠪᠤᠯ ᠲᠠᠶᠢᠰᠠᠨ ᠲᠡᠭᠡᠷᠡᠭᠢ ᠯᠸᠢ ᠹᠸᠡᠭ ᠪᠦᠭᠡᠳ ᠨᠡᠩ ᠴᠤ ᠰᠠᠶᠢᠨ ᠲᠤᠷ᠎ᠠ ᠶᠢᠨ | ᠦᠢᠯᠡᠴᠢᠯᠡᠭᠡ ᠳᠤᠮᠲᠠᠭᠢ ᠯᠸᠢ ᠹᠧᠩ ᠪᠤᠯᠤᠨ᠎ᠠ᠃ ᠲᠡᠷᠡ ᠡᠯ᠎ᠡ ᠲᠦᠷᠦᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠪᠦᠯᠬᠦᠮ ᠢ ᠳᠠᠭᠠᠭᠤᠯᠤᠨ | ᠬᠥᠳᠡᠭᠡ ᠲᠣᠰᠬᠤᠨ ᠢᠶᠠᠷ ᠭᠦᠨᠵᠡᠭᠡᠶᠢᠷᠡᠵᠦ᠂ ᠲᠣᠬᠤᠨᠢᠭᠤᠯᠬᠤ ᠲᠣᠭᠯᠠᠯᠲᠠ ᠭᠠᠷᠭᠠᠬᠤ᠂ ᠤᠷᠠᠨ ᠰᠠᠶᠢᠬᠠᠨ ᠤ | ᠬᠠᠪᠰᠤᠷᠤᠨ ᠵᠢᠯᠣᠭᠤᠳᠬᠤ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ ᠶᠢ ᠥᠷᠨᠢᠭᠦᠯᠪᠡ᠃ ᠬᠠᠬᠢᠷ ᠬᠦᠢᠳᠡᠨ | ᠠᠭᠠᠭᠢᠮ᠎ᠠ ᠬᠠᠯᠠᠭᠤᠨ ᠳᠤ᠂ ᠲᠡᠷᠡ ᠥᠪᠡᠷ ᠢᠶᠠᠨ ᠳᠠᠭᠤ ᠴᠢᠮᠡᠭᠡ ᠶᠢᠨ ᠲᠥᠬᠦᠭᠡᠷᠦᠮᠵᠢ ᠪᠠᠨ ᠠᠪᠴᠤ᠂ ᠤᠳᠬ᠎ᠠ | ᠤᠷᠠᠯᠢᠭ ᠰᠣᠶᠣᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠪᠢ ᠨᠡᠮᠡᠷᠢ | ᠦᠵᠡᠭᠦᠯᠬᠦ᠂ ᠨᠥᠬᠦᠷᠰᠡᠭ ᠢᠶᠠᠷ ᠬᠠᠶᠢᠷᠠᠯᠠᠬᠤ᠂ ᠬᠠᠷᠢᠯᠴᠠᠨ ᠬᠠᠪᠰᠤᠷᠤᠯᠴᠠᠬᠤ᠂ ᠬᠠᠮᠲᠤᠪᠠᠷᠲ᠋ᠠᠪᠰᠢᠬᠤ︾ ᠰᠠᠶᠢᠨ | ᠳᠤᠷ᠎ᠠ ᠶᠢᠨ ᠵᠣᠷᠢᠭ ᠰᠠᠨᠠᠭ᠎ᠠ ᠶᠢ ᠲᠠᠶᠢᠯᠪᠤᠷᠢᠯᠠᠵᠠᠶ᠃ | | | | | | ᠣᠯᠠᠨ ᠳᠦᠮᠠᠨ ᠤ ᠲᠡᠷᠭᠡᠳᠡᠬᠢ ︽ᠯᠧᠢ ᠹᠧᠩ︾᠄ ᠣᠢᠨᠠᠨᠴᠢ ᠰᠠᠣᠠᠭᠢᠯ ᠢᠶᠠᠷ ᠠᠷᠠᠣᠠ ᠲᠦᠮᠡᠨ ᠳᠤ | ᠣᠢᠢᠯᠠᠴᠢᠯᠠᠨᠠ | ᠪᠠᠢ ᠹᠸᠡᠭ ᠨᠥᠬᠦᠷ ᠤᠯᠠᠨ ᠲᠦᠮᠡᠨ ᠤ ᠬᠡᠷᠡᠭᠴᠡᠭᠡ ᠶᠢ ᠢᠮᠠᠭᠲᠠ ᠰᠡᠳᠬᠢᠯ ᠳᠡᠭᠡᠨ ᠪᠤᠳᠤᠳᠠᠭ᠂ ᠲᠡᠷᠡ | ᠦᠷᠭᠦᠯᠵᠢ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠵᠦ᠂ ᠤᠯᠠᠨ ᠲᠦᠮᠡᠨ ᠤ ᠰᠣᠶᠣᠯ ᠤᠨ | ᠬᠡᠷᠡᠭᠴᠡᠭᠡ ᠶᠢ ᠣᠶᠢᠯᠠᠭᠠᠵᠤ᠂ ᠤᠯᠠᠨ ᠲᠦᠮᠡᠨ ᠳᠤ ᠢᠳᠡᠪᠬᠢᠲᠡᠢ ᠪᠠᠷ ᠪᠣᠳᠠᠲᠠᠢ ᠶᠠᠪᠤᠳᠠᠯ ᠬᠢᠵᠦ᠂ ᠬᠦᠴᠢᠷ | ᠠᠰᠠᠭᠤᠳᠠᠯ ᠢ ᠰᠢᠢᠳᠪᠦᠷᠢᠯᠡᠵᠦ ᠥᠭᠳᠡᠭ᠃ ᠲᠡᠷᠡ ᠰᠠᠨᠠᠭᠠᠴᠢᠯᠠᠭ᠎ᠠ ᠠᠴᠠ ᠪᠠᠨ ᠬᠠᠮᠢᠶ᠎ᠠ ᠪᠦᠬᠦᠢ ᠰᠠᠯᠠᠭ᠎ᠠ | ᠮᠥᠴᠢᠷ ᠲᠠᠢ ᠬᠠᠷᠢᠯᠴᠠᠵᠤ᠂ ᠤᠳᠬ᠎ᠠ ᠤᠷᠠᠯᠢᠭ ᠤᠨ ᠡᠩᠨᠡᠭᠡ ᠶᠢ ᠬᠠᠪᠰᠤᠷᠤᠨ ᠵᠣᠬᠢᠶᠠᠨ ᠪᠠᠶᠢᠭᠤᠯᠵᠤ᠂ ᠤᠳᠬ᠎ᠠ | ᠤᠷᠠᠯᠢᠭ ᠤᠨ ᠪᠣᠯᠪᠠᠰᠤᠷᠠᠯ ᠢ ᠥᠷᠨᠢᠭᠦᠯᠵᠦ᠂ ᠨᠡᠩ ᠣᠯᠠᠨ ᠤᠯᠠᠨ ᠲᠦᠮᠡᠨ ᠳᠤ ᠰᠣᠶᠣᠯ ᠤᠨ ᠬᠥᠭᠵᠢᠯᠲᠡ ᠶᠢᠨ | ᠦᠷ᠎ᠡ ᠪᠦᠲᠦᠭᠡᠯ ᠢ ᠡᠳ᠋ᠯᠡᠭᠦᠯᠪᠡ᠃ ᠲᠡᠷᠡ ᠦᠨᠡᠨ ᠰᠡᠳᠬᠢᠯ ᠢᠶᠠᠷ ᠠᠷᠠᠳ ᠲᠦᠮᠡᠨ ᠳᠤ ᠦᠢᠯᠡᠴᠢᠯᠡᠵᠦ᠂ ᠤᠯᠠᠨ | ᠲᠦᠮᠡᠨ ᠤ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠤᠯᠪᠠ᠃ | | | | | | ᠪᠠᠢ ᠹᠧᠩ ᠨᠥᠬᠦᠷ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠯᠸᠢ ᠹᠧᠩ ᠤᠨ ᠵᠣᠷᠢᠭ | ᠰᠠᠨᠠᠭ᠎ᠠ ᠶᠢ ᠲᠠᠶᠢᠯᠪᠤᠷᠢᠯᠠᠨᠡ᠂ ᠲᠡᠷᠡ ᠪᠣᠯ ᠬᠥᠳᠡᠭᠡ ᠲᠣᠰᠬᠤᠨ ᠤ ᠰᠣᠶᠣᠯ ᠤᠨ ᠹᠷᠣᠨᠲ ᠳᠡᠭᠡᠷᠡᠬᠢ ᠨᠢᠭᠡᠨ ᠲᠤᠭ | ᠲᠡᠮᠳᠡᠭ᠂ ᠥᠷᠭᠡᠨ ᠤᠯᠠᠨ ᠦᠨᠳᠦᠰᠦᠨ ᠱᠠᠲᠤᠨ ᠤ ᠰᠣᠶᠣᠯ ᠤᠨ ᠠᠵᠢᠯᠲᠠᠳ ᠤᠨ ᠰᠤᠷᠤᠯᠴᠠᠬᠤ ᠳᠠᠭᠤᠷᠢᠶᠠᠯ ᠮᠥᠨ | ᠃ | |