| 3 ᠰᠠᠷ᠎ᠠ ᠶᠢᠨ 5 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠠᠶᠢᠮᠠᠭ ᠤᠨ ᠳᠠᠷᠤᠭ᠎ᠠ ᠢᠦᠶ ᠵᠢᠶ ᠱᠦᠨ ᠤᠯᠠᠭᠠᠨᠬᠤᠲᠠ ᠳᠤ ᠰᠢᠨᠵᠢᠯᠡᠨ ᠪᠠᠶᠢᠴᠠᠭᠠᠯᠳᠠ ᠬᠢᠪᠠ᠃ | ᠢᠦᠢ ᠵᠢᠢ ᠱᠦᠨ ᠤᠷᠢᠳ ᠬᠤᠵᠢᠳ ᠬᠢᠩᠭᠠᠨ ᠭᠡᠷ ᠤᠨ ᠶᠠᠪᠤᠳᠠᠯ ᠤᠨ ᠦᠢᠯᠡᠴᠢᠯᠡᠭᠡᠨ ᠤ ᠬᠢᠵᠠᠭᠠᠷᠲᠤ | ᠺᠣᠮᠫᠠᠨᠢ᠂ ᠳᠡᠮᠦᠷ ᠵᠠᠮ ᠤᠨ ᠪᠠᠷᠠᠭᠤᠨᠳᠠᠬᠢ ᠵᠡᠭᠡᠯᠢ ᠶᠢᠨ ᠰᠤᠯᠠ ᠠᠵᠢᠯ ᠤᠨ ᠵᠠᠬ᠎ᠠ ᠳᠡᠯᠭᠡᠭᠦᠷ᠂ ᠭᠤᠤ ᠶᠢᠨ ᠠᠶᠢᠯ ᠤᠨ | ᠯᠢᠩ ᠹᠦ᠋ ᠲᠦᠬᠦᠭᠡᠷᠦᠮᠵᠢᠳᠤ ᠲᠠᠷᠢᠶᠠᠯᠠᠩ ᠤᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠪᠣᠯᠤᠨ ᠢᠯᠡᠯᠳᠡ | ᠪᠠᠯᠭᠠᠰᠤ ᠶᠢᠨ ᠡᠶ᠎ᠡ ᠵᠤᠬᠢᠴᠠᠯ ᠲᠠᠢ ᠦᠵᠡᠰᠭᠦᠯᠡᠩᠳᠦ ᠰᠠᠶᠢᠬᠠᠨ ᠬᠦᠳᠡᠭᠡ ᠲᠣᠰᠬᠤᠨ ᠤ ᠲᠦᠷᠦᠯ ᠵᠦᠢᠯ ᠤᠨ | ᠲᠤᠬᠠᠢ ᠶᠢᠨ ᠲᠠᠯᠠᠪᠠᠢ ᠳᠤ ᠬᠦᠷᠴᠦ᠂ ︽ᠵᠢᠷᠭᠤᠭᠠᠨ ᠠᠵᠢᠯᠯᠠᠭ᠎ᠠ︾ ᠶᠢ ᠠᠬᠢᠭᠤᠯᠵᠤ ᠨᠠᠶᠢᠳᠠᠪᠤᠷᠢᠵᠢᠭᠤᠯᠤᠭᠰᠠᠨ | ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠦ ᠬᠢᠨᠠᠨ ᠵᠢᠯᠣᠭᠤᠳᠪᠠ᠃ | ᠢᠦᠢ ᠵᠢᠢ ᠱᠦᠨ ᠴᠢᠩᠭᠠᠳᠬᠠᠬᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠠᠵᠢᠯ | ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠡᠭᠡᠵᠢᠩ ᠥᠪᠥᠷ ᠮᠣᠩᠭᠤᠯ ᠤᠨ | ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ ᠲᠠᠪᠴᠠᠩ ᠤᠨ ᠳᠠᠪᠠᠭᠤᠯᠢᠭ ᠢ ᠠᠰᠢᠭᠯᠠᠨ᠂ ᠬᠥᠳᠡᠯᠮᠦᠷᠢᠴᠢᠳ ᠤᠨ | ᠠᠵᠢᠯ ᠣᠯᠭᠤᠯᠲᠠ ᠪᠠ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠶᠢ ᠴᠢᠩᠭ᠎ᠠ ᠠᠩᠬᠠᠷᠴᠤ᠂ ᠠᠵᠢᠯ | ᠣᠯᠭᠤᠯᠲᠠ ᠶᠢᠨ ᠮᠡᠳᠡᠭᠡ ᠵᠠᠩᠭᠢ ᠶᠢ ᠨᠡᠶᠢᠳᠭᠡᠵᠦ᠂ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ | ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠬᠥᠳᠡᠯᠮᠦᠷᠢ | ᠦᠢᠯᠡᠴᠢᠯᠡᠭᠡ ᠶᠢᠨ ᠲᠣᠮᠢᠯᠠᠬᠤ ᠡᠷᠴᠢᠮ ᠢ ᠴᠢᠩᠭᠠᠷᠠᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ | ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠠᠷ ᠭᠤᠣᠯ ᠦᠷᠢᠰᠦᠯᠳᠦᠬᠦ | ᠬᠦᠴᠦᠨ ᠪᠣᠯᠭᠠᠬᠤ ᠶᠢ ᠬᠦᠳᠦᠯᠦᠨ ᠵᠢᠯᠣᠭᠤᠳᠴᠤ ᠵᠣᠷᠢᠭᠵᠢᠭᠤᠯᠵᠤ᠂ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ | ᠲᠥᠬᠦᠭᠡᠷᠦᠮᠵᠢ ᠶᠢ ᠪᠦᠳᠦᠮᠵᠢᠳᠡᠢ ᠬᠡᠷᠡᠭᠯᠡᠨ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ | ᠲᠡᠰ ᠳᠡᠪᠰᠢᠬᠦ ᠶᠢ ᠠᠬᠢᠭᠤᠯᠵᠤ᠂ ᠳᠡᠭᠡᠳᠦ ᠲᠡᠰ ᠤᠨ ᠤᠶᠤᠨᠴᠢᠯᠠᠭᠰᠠᠨ ᠪᠣᠬᠢᠷᠲᠤᠯ ᠦᠭᠡᠢ ᠬᠥᠭᠵᠢᠯᠲᠡ ᠶᠢ | ᠪᠡᠶᠡᠯᠡᠭᠦᠯᠬᠦ ᠬᠡᠷᠡᠭᠲᠡᠢ᠃ ᠲᠡᠷᠢᠭᠦᠨ ᠤ ᠭᠠᠵᠠᠷ ᠣᠷᠣᠨ ᠲᠠᠢ ᠥᠨᠳᠥᠷ ᠲᠦᠪᠰᠢᠨ ᠪᠦᠬᠦᠢ ᠬᠠᠮᠲᠤᠷᠠᠯᠴᠠᠭ᠎ᠠ ᠪᠠᠨ | ᠴᠢᠩᠭᠠᠳᠬᠠᠵᠤ᠂ ᠤᠳᠤ ᠦᠶ᠎ᠡ ᠶᠢᠨ ᠲᠦᠬᠦᠭᠡᠷᠦᠮᠵᠢᠲᠦ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠪᠣᠯᠤᠨ | ᠲᠣᠭᠠᠴᠢᠯᠠᠭᠰᠠᠨ ᠤᠶᠤᠨᠴᠢ ᠲᠠᠷᠢᠶᠠᠯᠠᠩ ᠤᠨ ᠪᠦᠳᠦᠭᠡᠨ ᠪᠠᠶᠢᠭᠤᠯᠤᠯᠲᠠ ᠶᠢᠨ ᠠᠯᠬᠤᠴᠠ ᠪᠠᠨ ᠲᠦᠷᠭᠡᠳᠭᠡᠵᠦ᠂ | ᠬᠢᠩᠭᠠᠨ ᠠᠶᠢᠮᠠᠭ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠤᠨ ᠠᠯᠳᠠᠷᠰᠢᠯ ᠢ | ᠪᠦᠲᠦᠮᠵᠢᠲᠡᠢ ᠳᠡᠭᠡᠭᠰᠢᠯᠡᠭᠦᠯᠵᠦ᠂ ᠲᠠᠷᠢᠶᠠᠯᠠᠩ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠭᠦᠨᠵᠡᠭᠡᠢ | ᠠᠭᠤᠰᠤᠯᠴᠠᠯ ᠢ ᠶᠡᠬᠡᠪᠡᠷ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠲᠠᠷᠢᠶᠠᠯᠠᠩ ᠤᠨ ᠦᠷ᠎ᠡ ᠠᠰᠢᠭ ᠢ | ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ | ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠪᠠᠶᠢᠷᠢ ᠳᠤᠭᠳᠠᠭᠠᠯᠳᠠ ᠵᠢᠴᠢ ᠡᠬᠢ ᠪᠠᠶᠠᠯᠢᠭ ᠤᠨ ᠳᠠᠪᠠᠭᠤᠯᠢᠭ ᠢᠶᠠᠨ | ᠪᠠᠳᠠᠷᠠᠭᠤᠯᠵᠤ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠪᠠᠷ ᠲᠣᠯᠢ ᠪᠣᠯᠭᠠᠵᠤ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠦᠨ᠂ ᠲᠥᠷᠥᠯ ᠵᠦᠢᠯ ᠢ ᠲᠥᠯᠥᠪᠵᠢᠭᠦᠯᠵᠦ ᠨᠥᠭᠡᠴᠡᠯᠡᠬᠦ ᠶᠢ ᠪᠥᠬᠦ ᠲᠠᠯ᠎ᠠ ᠪᠠᠷ ᠴᠢᠩᠭᠠᠳᠬᠠᠨ᠂ | ᠪᠥᠬᠦ ᠠᠶᠢᠮᠠᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠪᠦᠲᠦᠮᠵᠢᠲᠡᠶ ᠲᠤᠯᠭᠠᠭᠤᠷᠢᠯᠠᠯ ᠬᠠᠩᠭᠠᠬᠤ | ᠬᠡᠷᠡᠭᠲᠡᠶ ᠭᠡᠵᠡᠢ᠃ ︵ᠵᠠᠩ ᠴᠢᠶᠠᠩ︶ |