ᠶᠠᠩ ᠵᠢᠶ ᠫᠧᠩ ᠪᠠᠶ᠋ᠬᠠᠤᠰᠤ ᠭᠠᠴᠠᠭ᠎ᠠ ᠶᠢ ᠨᠡᠭᠦᠯᠭᠡᠬᠦ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2025/3/10
        3 ᠰᠠᠷ᠎ᠠ ᠶᠢᠨ 6 ᠤ ᠡᠳᠦᠷ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠵᠢᠶ ᠫᠧᠩ ᠪᠠᠶ᠋ᠬᠠᠤᠰᠤ ᠭᠠᠴᠠᠭᠠᠨ ᠤ ᠬᠠᠭᠤᠴᠢᠨ ᠰᠠᠭᠤᠷᠢᠰᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠱᠦᠵᠢ ᠨᠡᠷ ᠤᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠮᠠ ᠮᠧᠩ᠂ ᠯᠢᠦ ᠶᠢᠨ ᠪᠥᠸᠧ᠂ ᠵᠢᠶᠠᠩ ᠬᠤᠩ ᠵᠢᠶᠦ᠋ᠨ᠂ ᠯᠢ ᠶᠢᠩ ᠺᠦᠨ᠂ ᠳ᠋ᠠᠶ ᠯᠢ ᠮᠢᠩ᠂ ᠸᠠᠩ ᠶᠦᠨ ᠯᠢᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
640.jpg
        ᠶᠠᠩ ᠵᠢᠢ ᠫᠧᠩ ᠨᠠᠷ ᠭᠡᠭᠡᠨᠰᠦ᠋ᠮ᠎ᠡ ᠪᠠᠯᠭᠠᠰᠤᠨ ᠤ ᠪᠠᠶ᠋ᠬᠠᠤᠰᠤ ᠭᠠᠴᠠᠭᠠᠨ ᠤ ᠬᠠᠭᠤᠴᠢᠨ ᠰᠠᠭᠤᠷᠢᠰᠢᠯ ᠢᠶᠠᠷ ᠬᠦᠷᠴᠦ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠪᠠᠶ᠋ᠬᠠᠤᠰᠤ ᠭᠠᠴᠠᠭ᠎ᠠ ᠶᠢᠨ ᠠᠷᠠᠳ ᠢ ᠨᠡᠭᠦᠯᠭᠡᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠠᠢ᠃        ᠪᠠᠶ᠋ᠬᠠᠤᠰᠤ ᠭᠠᠴᠠᠭᠠᠨ ᠤ ᠬᠠᠭᠤᠴᠢᠨ ᠰᠠᠭᠤᠷᠢᠰᠢᠯ ᠤᠨ ᠨᠠᠮ ᠤᠯᠠᠨ ᠲᠦᠮᠡᠨ ᠤ ᠠᠵᠢᠯ ᠤᠨ ᠦᠢᠯᠡᠴᠢᠯᠡᠭᠡᠨ ᠤ ᠲᠥᠪ ᠲᠤ᠂ ᠶᠠᠩ ᠵᠢᠢ ᠫᠧᠩ ᠱᠦᠵᠢ ᠶᠢᠨ ᠨᠠᠷ ᠤᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠳᠤ ᠣᠷᠣᠯᠴᠠᠭᠰᠠᠳ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠪᠦᠬᠦ ᠭᠠᠴᠠᠭᠠᠨ ᠤ ᠠᠷᠠᠳ ᠢ ᠨᠡᠭᠦᠯᠭᠡᠬᠦ ᠲᠦᠷᠦᠯ ᠵᠦᠢᠯ ᠤᠨ ᠠᠬᠢᠴᠠ ᠶᠢᠨ ᠪᠠᠶᠢᠳᠠᠯ᠂ ᠣᠳᠣᠬᠠᠨ ᠳᠤ ᠲᠤᠯᠭᠠᠷᠠᠵᠤ ᠪᠠᠶᠢᠭ᠎ᠠ ᠠᠰᠠᠭᠤᠳᠠᠯ ᠵᠢᠴᠢ ᠬᠤᠶᠢᠰᠢᠳᠠ ᠶᠢᠨ ᠠᠵᠢᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠠᠢ᠃
640 (1).jpg
        ᠶᠠᠩ ᠵᠢᠢ ᠫᠧᠩ ᠠᠴᠠ᠂ ᠡᠯ᠎ᠡ ᠠᠬᠢᠭᠤᠯᠬᠤ ᠳᠤᠭᠤᠶᠢᠯᠠᠩ ᠤᠨ ᠬᠢᠨ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ︽ᠡᠷᠬᠡ ᠲᠡᠭᠰᠢ᠂ ᠢᠯᠡ ᠲᠣᠳᠣ᠂ ᠲᠥᠪ ᠭᠤᠣᠯᠴᠢ︾ ᠪᠠᠶᠢᠬᠤ ᠵᠠᠷᠴᠢᠮ ᠶᠣᠰᠣᠭᠠᠷ ᠂ ᠲᠠᠲᠠᠪᠤᠷᠢᠯᠠᠨ ᠨᠤᠷᠠᠭᠠᠵᠤ ᠲᠥᠪᠬᠢᠨᠡᠭᠦᠯᠬᠦ ᠠᠵᠢᠯ ᠳᠤ ᠴᠤᠷ ᠤᠨ ᠭᠠᠭᠴᠠ ᠪᠠᠷᠢᠮᠵᠢᠶ᠎ᠠ ᠲᠠᠢ ᠪᠠᠶᠢᠬᠤ ᠶᠢ ᠪᠠᠷᠢᠮᠲᠠᠯᠠᠵᠤ᠂ ᠥᠷᠭᠡᠨ ᠤᠯᠠᠨ ᠭᠠᠴᠠᠭᠠᠨ ᠤ ᠠᠷᠠᠳ ᠤᠨ ᠵᠦᠢ ᠶᠣᠰᠣᠨ ᠤ ᠠᠰᠢᠭ ᠲᠤᠰᠠ ᠶᠢ ᠦᠨᠡᠨ ᠬᠦ ᠬᠠᠮᠠᠭᠠᠯᠠᠬᠤ ᠬᠡᠷᠡᠭᠲᠡᠢ᠃ ᠨᠡᠭᠦᠯᠭᠡᠬᠦ ᠠᠵᠢᠯ ᠢ ᠪᠦᠬᠦ ᠬᠦᠴᠦᠨ ᠢᠶᠠᠷ ᠠᠬᠢᠭᠤᠯᠵᠤ᠂ ᠠᠵᠢᠯ ᠢ ᠠᠬᠢᠭᠤᠯᠬᠤ ᠳᠤᠭᠤᠶᠢᠯᠠᠩ ᠤᠨ ᠬᠢᠨ ᠨᠡᠭᠦᠯᠭᠡᠨ ᠲᠥᠪᠬᠢᠨᠡᠭᠦᠯᠬᠦ ᠲᠦᠷᠦ ᠶᠢᠨ ᠪᠤᠳᠤᠯᠭ᠎ᠠ ᠶᠢ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠢᠭᠡᠨᠲᠡ ᠨᠡᠭᠦᠯᠭᠡᠭᠰᠡᠨ ᠭᠠᠴᠠᠭᠠᠨ ᠤ ᠠᠷᠠᠳ ᠤᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠴᠠᠭᠠᠨ ᠤ ᠠᠷᠠᠳ ᠤᠨ ᠦᠵᠡᠯ ᠰᠠᠨᠠᠭᠠᠨ ᠤ ᠡᠷᠡᠭᠡᠯᠵᠡᠭᠡ ᠶᠢ ᠠᠷᠢᠯᠭᠠᠵᠤ᠂ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠨᠡᠭᠦᠯᠭᠡᠬᠦ ᠬᠡᠷᠡᠭᠲᠡᠢ᠃ ᠠᠷᠠᠳ ᠤᠨ ᠵᠠᠩ ᠦᠢᠯᠡ ᠶᠢ ᠣᠶᠢᠯᠠᠭᠠᠬᠤ᠂ ᠬᠥᠳᠡᠭᠡ ᠲᠣᠰᠬᠤᠨ ᠤ ᠰᠣᠶᠣᠯ ᠤᠨ ᠰᠢᠨ᠎ᠡ ᠶᠢ ᠡᠭᠦᠳᠬᠦ ᠵᠡᠷᠭᠡ ᠠᠵᠤ ᠦᠢᠯᠡᠰ ᠢ ᠣᠷᠣᠭᠤᠯᠤᠨ ᠠᠪᠴᠢᠷᠠᠵᠤ᠂ ᠰᠠᠭᠤᠷᠢ ᠢᠵᠢ ᠪᠦᠷᠢᠳᠦᠭᠰᠡᠨ ᠲᠥᠬᠦᠭᠡᠷᠦᠮᠵᠢ ᠶᠢ ᠢᠳᠡᠪᠬᠢᠲᠡᠢ ᠲᠡᠭᠦᠯᠳᠡᠷᠵᠢᠭᠦᠯᠵᠦ᠂ ᠰᠢᠨ᠎ᠡ ᠭᠠᠴᠠᠭᠠᠨ ᠤ ᠡᠵᠡᠩᠨᠡᠯᠲᠡ ᠶᠢᠨ ᠬᠡᠯᠪᠡᠷᠢ ᠶᠢ ᠪᠠᠶᠠᠯᠢᠭᠵᠢᠭᠤᠯᠤᠨ ᠬᠥᠭᠵᠢᠭᠡᠨ ᠲᠠᠢ ᠪᠣᠯᠭᠠᠬᠤ ᠶᠢ ᠪᠠᠲᠤᠯᠠᠵᠤ᠂ ᠭᠠᠴᠠᠭᠠᠨ ᠤ ᠠᠷᠠᠳ ᠤᠨ ᠠᠮᠢᠳᠤᠷᠠᠯ ᠤᠨ ᠶᠠᠰᠤ ᠴᠢᠨᠠᠷ ᠪᠣᠯᠤᠨ ᠠᠵᠢᠯ ᠣᠯᠭᠤᠯᠲᠠ ᠶᠢᠨ ᠣᠷᠴᠢᠨ ᠲᠣᠭᠤᠷᠢᠨ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠪᠠᠶ᠋ᠬᠠᠤᠰᠤ ᠭᠠᠴᠠᠭᠠᠨ ᠤ ᠬᠠᠭᠤᠴᠢᠨ ᠰᠠᠭᠤᠷᠢᠰᠢᠯ ᠤᠨ ᠭᠠᠵᠠᠷ ᠤᠨ ᠪᠠᠶᠢᠴᠠ ᠭᠠᠵᠠᠷ ᠤᠨ ᠭᠠᠳᠠᠷᠭᠤ᠂ ᠠᠵᠤ ᠦᠢᠯᠡᠰ ᠤᠨ ᠣᠨᠴᠠᠯᠢᠭ᠂ ᠡᠬᠢ ᠪᠠᠶᠠᠯᠢᠭ ᠤᠨ ᠳᠠᠪᠠᠭᠤᠯᠢᠭ ᠵᠡᠷᠭᠡ ᠨᠥᠬᠦᠴᠡᠯ ᠳᠤ ᠰᠠᠭᠤᠷᠢᠯᠠᠵᠤ᠂ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠪᠣᠯᠤᠨ ᠠᠰᠢᠭᠲᠠᠢ ᠨᠥᠬᠦᠴᠡᠯ ᠢ ᠰᠠᠶᠢᠲᠤᠷ ᠬᠡᠷᠡᠭᠯᠡᠵᠦ ᠠᠮᠢᠳᠤᠯᠢᠭ ᠢᠶᠠᠷ ᠠᠰᠢᠭᠯᠠᠵᠤ᠂ ᠭᠠᠵᠠᠷ ᠰᠢᠷᠣᠢ ᠶᠢᠨ ᠲᠥᠯᠥᠪᠵᠢᠭᠦᠯᠭᠡ ᠶᠢᠨ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠭᠠᠵᠠᠷ ᠰᠢᠷᠣᠢ ᠶᠢᠨ ᠡᠬᠢ ᠪᠠᠶᠠᠯᠢᠭ ᠢ ᠠᠵᠤ ᠠᠬᠤᠢ ᠶᠢᠨ ᠦᠷ᠎ᠡ ᠠᠰᠢᠭ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号