| | ᠤᠰᠤ ᠪᠣᠯ ᠬᠤᠲᠠ ᠶᠢᠨ ᠬᠥᠭᠵᠢᠯᠲᠡ ᠶᠢᠨ ᠠᠮᠢᠨ ᠰᠤᠳᠠᠰᠤ ᠮᠥᠨ᠂ ᠪᠠᠰᠠ ᠴᠤ ᠠᠮᠢ ᠠᠬᠤᠶ ᠶᠢᠨ | ᠲᠡᠩᠴᠡᠭᠦᠷᠢ ᠶᠢᠨ ᠵᠠᠩᠭᠢᠯᠠᠭ᠎ᠠ ᠮᠥᠨ᠃ ᠣᠶᠢᠷ᠎ᠠ ᠶᠢᠨ ᠵᠢᠯ ᠠᠴᠠ᠂ ᠤᠯᠠᠭᠠᠨᠬᠤᠲᠠ ᠪᠣᠬᠢᠷᠲᠤᠯ ᠥᠬᠡᠶ | ᠬᠥᠭᠵᠢᠯᠲᠡ ᠶᠢᠨ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠤᠰᠤᠨ ᠤ ᠠᠮᠢ ᠠᠬᠤᠶ ᠶᠢᠨ | ᠵᠠᠰᠠᠯᠲᠠ ᠪᠠᠷ ᠭᠤᠤᠯ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠂ ᠥᠨᠳᠥᠷ ᠪᠦᠲᠦᠮᠵᠢᠲᠡᠶ ᠪᠠᠷ | ᠬᠡᠷᠡᠭᠵᠢᠭᠦᠯᠵᠦ᠂ ᠤᠰᠤ ᠶᠢ ᠬᠠᠮᠠᠭᠠᠯᠠᠬᠤ᠂ ᠤᠰᠤ ᠶᠢ ᠵᠠᠰᠠᠬᠤ᠂ ᠤᠰᠤ ᠶᠢ ᠬᠡᠷᠡᠭᠯᠡᠬᠦ᠂ ᠤᠰᠤ ᠶᠢ ᠠᠷᠪᠢᠯᠠᠬᠤ ᠵᠡᠷᠭᠡ | ᠲᠠᠯ᠎ᠠ ᠪᠠᠷ ᠬᠠᠮᠵᠢᠯᠴᠠᠨ ᠴᠢᠷᠮᠠᠶᠢᠵᠤ᠂ ᠰᠢᠨᠵᠢᠯᠡᠬᠦ ᠤᠬᠠᠭᠠᠨᠴᠢ ᠡᠮᠬᠢ ᠵᠢᠷᠤᠮ ᠲᠠᠢ ᠤᠰᠤᠨ ᠤ ᠠᠮᠢ ᠠᠬᠤᠶ ᠶᠢᠨ | ᠵᠠᠰᠠᠯᠲᠠ ᠶᠢᠨ ᠰᠢᠰᠲ᠋ᠧᠮ ᠢ ᠪᠠᠶᠢᠭᠤᠯᠪᠠ᠃ | ᠤᠯᠠᠭᠠᠨᠬᠤᠲᠠ ᠶᠢᠨ ᠲᠤᠭᠤᠷ ᠤᠨ ᠭᠤᠤᠯ ᠤᠨ ᠤᠰᠤᠨ ᠣᠷᠣᠨ ᠳᠤ᠂ ᠤᠯᠠᠭᠠᠨᠬᠤᠲᠠ ᠶᠢᠨ ᠤᠰᠤᠨ | ᠠᠰᠢᠭᠯᠠᠯᠲᠠ ᠶᠢᠨ ᠲᠣᠪᠴᠢᠶᠠᠨ ᠤ ᠠᠵᠢᠯᠲᠠᠳ ᠡᠳᠦᠷ ᠲᠤᠲᠤᠮ ᠤᠨ ᠭᠤᠤᠯ ᠴᠠᠭᠳᠠᠬᠤ ᠠᠵᠢᠯ ᠢᠶᠠᠨ ᠥᠷᠨᠢᠭᠦᠯᠵᠦ᠂ | ᠭᠤᠤᠯ ᠤᠨ ᠡᠷᠭᠢ ᠳᠤ ᠬᠤᠭ ᠨᠣᠪᠰᠢ ᠣᠪᠣᠭᠠᠯᠠᠬᠤ᠂ ᠪᠣᠬᠢᠷᠲᠤᠯ ᠭᠠᠳᠠᠭᠰᠢᠯᠠᠭᠤᠯᠬᠤ ᠵᠡᠷᠭᠡ ᠤᠰᠤᠨ ᠤ ᠠᠮᠢ | ᠠᠬᠤᠶ ᠶᠢ ᠨᠥᠯᠥᠭᠡᠯᠡᠬᠦ ᠪᠠᠶᠢᠳᠠᠯ ᠣᠷᠣᠰᠢᠵᠤ ᠪᠠᠶᠢᠬᠤ ᠡᠰᠡᠬᠦ ᠶᠢ ᠨᠠᠷᠢᠨ ᠨᠢᠮᠪᠠᠶ ᠲᠣᠭᠤᠷᠢᠨ ᠪᠠᠶᠢᠴᠠᠭᠠᠨ᠎ᠠ᠃ | | | | | | 2024 ᠣᠨ ᠠᠴᠠ ᠨᠠᠭᠠᠰᠢ᠂ ᠤᠯᠠᠭᠠᠨᠬᠤᠲᠠ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ | ᠬᠠᠮᠠᠭᠠᠯᠠᠯᠲᠠ ᠶᠢᠨ ᠲᠠᠯ᠎ᠠ ᠪᠠᠷ ᠰᠢᠰᠲ᠋ᠧᠮ ᠲᠠᠢ ᠪᠠᠷ ᠲᠥᠯᠥᠪᠵᠢᠭᠦᠯᠵᠦ᠂ ᠰᠢᠨᠵᠢᠯᠡᠬᠦ ᠤᠬᠠᠭᠠᠨᠴᠢ ᠪᠠᠷ ᠠᠷᠭ᠎ᠠ | ᠪᠣᠳᠣᠯᠭ᠎ᠠ ᠬᠡᠷᠡᠭᠵᠢᠭᠦᠯᠵᠦ᠂ 164 ᠵᠤᠷᠪᠤᠰ ᠢᠳᠡᠭᠳᠡᠯ ᠲᠠᠢ ᠭᠤᠤ ᠵᠢᠯᠠᠭ᠎ᠠ ᠶᠢ ᠵᠠᠰᠠᠬᠤ ᠠᠵᠢᠯ ᠢ ᠪᠡᠶᠡᠯᠡᠭᠦᠯᠵᠦ᠂ | ᠬᠥᠷᠥᠰᠥ ᠰᠢᠷᠣᠢ ᠶᠢᠨ ᠢᠳᠡᠭᠳᠡᠯ ᠢ ᠵᠠᠰᠠᠬᠤ ᠲᠠᠯᠠᠪᠠᠢ ᠶᠢ 4428 ᠾᠧᠺᠲ᠋ᠠᠷ ᠪᠡᠶᠡᠯᠡᠭᠦᠯᠵᠦ᠂ ᠣᠷᠣᠨ ᠪᠦᠰᠡ ᠶᠢᠨ | ᠠᠮᠢ ᠠᠬᠤᠢ ᠶᠢᠨ ᠣᠷᠴᠢᠨ ᠲᠣᠭᠤᠷᠢᠨ ᠢ ᠪᠦᠲᠦᠮᠵᠢᠲᠡᠢ ᠰᠠᠶᠢᠵᠢᠷᠠᠭᠤᠯᠪᠠ᠃ | ︽ᠭᠤᠣᠯ ᠮᠥᠷᠡᠨ ᠨᠠᠭᠤᠷ ᠴᠥᠭᠦᠷᠥᠮ ᠤᠨ ᠵᠠᠰᠠᠯᠲᠠ ᠳᠤ ᠶᠡᠷᠦ ᠠᠴᠠ ︿ᠭᠤᠷᠪᠠᠨ ᠬᠤᠪᠢ ᠶᠢᠨ ᠵᠠᠰᠠᠯᠲᠠ | ᠂ ᠳᠣᠯᠤᠭᠠᠨ ᠬᠤᠪᠢ ᠶᠢᠨ ᠬᠠᠮᠢᠶᠠᠷᠤᠯᠲᠠ﹀ ᠭᠡᠬᠦ ᠬᠡᠯᠡᠯᠭᠡ ᠪᠠᠶᠢᠳᠠᠭ᠃ ᠭᠤᠣᠯ ᠮᠥᠷᠡᠨ ᠨᠠᠭᠤᠷ ᠴᠥᠭᠦᠷᠥᠮ ᠢ | ᠬᠠᠮᠢᠶᠠᠷᠴᠤ ᠬᠠᠮᠠᠭᠠᠯᠠᠬᠤ ᠠᠵᠢᠯ ᠤᠨ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠬᠠᠷᠢᠭᠤᠴᠠᠯᠭ᠎ᠠ ᠶᠡᠭᠡ | ᠡᠭᠦᠷᠭᠡ ᠬᠦᠨᠳᠦ ᠭᠡᠳᠡᠭ ᠢ ᠪᠢ ᠭᠦᠨᠵᠡᠭᠡᠢ ᠣᠶᠢᠯᠠᠭᠠᠵᠤ ᠪᠠᠶᠢᠨ᠎ᠠ᠃ ᠪᠢᠳᠡ ᠪᠦᠬᠦ ᠬᠤᠲᠠ ᠶᠢᠨ 20 ᠵᠤᠷᠪᠤᠰ | ᠭᠤᠣᠯ ᠮᠥᠷᠡᠨ ᠢ ᠴᠠᠭᠳᠠᠨ ᠪᠠᠶᠢᠴᠠᠭᠠᠵᠤ ᠬᠢᠨᠠᠨ ᠬᠠᠮᠢᠶᠠᠷᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ | ᠂ ᠭᠤᠣᠯ ᠮᠥᠷᠡᠨ ᠢ ᠴᠠᠭᠳᠠᠨ ᠪᠠᠶᠢᠴᠠᠭᠠᠬᠤ ᠶᠠᠪᠤᠴᠠ ᠳᠤ ᠢᠯᠡᠷᠡᠭᠰᠡᠨ ᠡᠯ᠎ᠡ ᠵᠦᠢᠯ ᠤᠨ ᠠᠰᠠᠭᠤᠳᠠᠯ ᠢ ᠴᠠᠭ | ᠲᠤᠬᠠᠢ ᠳᠤᠨᠢ ᠢᠯᠡᠷᠡᠭᠦᠯᠬᠦ ᠶᠢᠨ ᠬᠠᠮᠲᠤ ᠰᠢᠢᠳᠪᠦᠷᠢᠯᠡᠬᠦ ᠶᠢ ᠪᠠᠲᠤᠯᠠᠵᠤ᠂ ᠭᠤᠣᠯ ᠮᠥᠷᠡᠨ ᠤ ᠴᠡᠪᠡᠷ ᠲᠤᠩᠭᠠᠯᠠᠭ | ᠪᠠᠶᠢᠬᠤ ᠶᠢ ᠰᠠᠬᠢᠨ ᠬᠠᠮᠠᠭᠠᠯᠠᠵᠤ᠂ ᠭᠤᠣᠯ ᠮᠥᠷᠡᠨ ᠪᠦᠷᠢ ᠶᠢ ᠠᠷᠠᠳ ᠲᠦᠮᠡᠨ ᠳᠤ ᠪᠤᠶᠠᠨ ᠦᠢᠯᠡᠳᠬᠦ ᠵᠣᠯ | ᠵᠢᠷᠭᠠᠯᠲᠤ ᠭᠤᠣᠯ ᠪᠣᠯᠭᠠᠬᠤ ᠪᠠᠷ ᠴᠢᠷᠮᠠᠶᠢᠨ᠎ᠠ︾ ᠭᠡᠵᠦ ᠤᠯᠠᠭᠠᠨᠬᠤᠲᠠ ᠶᠢᠨ ᠤᠰᠤᠨ ᠠᠰᠢᠭᠯᠠᠯᠲᠠ ᠶᠢᠨ | ᠲᠣᠪᠴᠢᠶᠠᠨ ᠤ ᠭᠤᠤᠯ ᠤᠨ ᠳᠠᠷᠤᠭ᠎ᠠ ᠶᠢᠨ ᠲᠦᠷᠢᠮ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠯᠢᠦ ᠵᠢᠶᠠᠨ | ᠬᠡᠯᠡᠪᠡ᠃ | | | | | | | ᠰᠢᠨᠵᠢᠯᠡᠬᠦ ᠤᠬᠠᠭᠠᠨᠴᠢ ᠪᠠᠷ ᠤᠰᠤ ᠵᠠᠰᠠᠬᠤ᠂ ᠠᠮᠤᠷ ᠲᠦᠪᠰᠢᠨ ᠢᠶᠠᠷ ᠤᠰᠤ ᠬᠡᠷᠡᠭᠯᠡᠬᠦ ᠶᠢ | ᠪᠡᠶᠡᠯᠡᠭᠦᠯᠬᠦ ᠶᠢᠨ ᠲᠥᠯᠥᠭᠡ᠂ ᠤᠯᠠᠭᠠᠨᠬᠤᠲᠠ ᠶᠢᠨ ᠴᠧᠩ ᠽᠧ ᠤᠰᠤᠨ ᠤ ᠶᠠᠪᠤᠳᠠᠯ ᠤᠨ ᠪᠦᠷᠢᠨ ᠪᠣᠰᠤ | ᠬᠠᠷᠢᠭᠤᠴᠠᠯᠭᠠᠲᠤ ᠺᠣᠮᠫᠠᠨᠢ ᠶᠢᠨ ᠨᠢᠭᠡᠳᠦᠭᠡᠷ ᠤᠰᠤᠨ ᠤ ᠦᠢᠯᠡᠳᠪᠦᠷᠢ ᠶᠢᠨ ᠠᠵᠢᠯᠲᠠᠳ ᠲᠣᠭᠲᠠᠭᠰᠠᠨ | ᠬᠤᠭᠤᠴᠠᠭ᠎ᠠ ᠲᠠᠢ ᠪᠠᠷ ᠤᠰᠤᠨ ᠤ ᠴᠢᠨᠠᠷ ᠬᠦᠴᠢᠯ ᠱᠦᠯᠲᠦ ᠶᠢᠨ ᠬᠡᠮᠵᠢᠶ᠎ᠡ᠂ ᠪᠤᠯᠠᠩᠭᠢᠷ ᠤᠨ ᠬᠡᠮᠵᠢᠶ᠎ᠡ᠂ ᠬᠦᠨᠳᠦ | ᠲᠡᠮᠦᠷᠯᠢᠭ᠂ ᠮᠢᠺᠷᠣᠪ ᠤᠨ ᠠᠭᠤᠯᠤᠭᠳᠠᠴᠠ ᠵᠡᠷᠭᠡ ᠬᠦᠢᠴᠡᠳᠭᠡᠯ ᠲᠤᠭ᠎ᠠ ᠶᠢ ᠴᠢᠩᠭ᠎ᠠ ᠡᠵᠡᠮᠳᠡᠵᠦ᠂ ᠬᠤᠲᠠ ᠶᠢᠨ | ᠤᠰᠤ ᠬᠠᠩᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ᠃ | | | | | | | ᠤᠯᠠᠭᠠᠨᠬᠤᠲᠠ ᠶᠢᠨ ᠱᠧᠩ ᠽᠧ ᠪᠠᠶᠢᠴᠠᠭᠠᠨ ᠰᠢᠯᠭᠠᠬᠤ ᠮᠡᠷᠭᠡᠵᠢᠯ ᠤᠨ ᠦᠢᠯᠡᠴᠢᠯᠡᠭᠡᠨ ᠤ ᠪᠦᠷᠢᠨ ᠪᠤᠰᠤ | ᠬᠠᠷᠢᠭᠤᠴᠠᠯᠭᠠᠲᠤ ᠺᠣᠮᠫᠠᠨᠢ ᠶᠢᠨ ᠪᠠᠶᠢᠴᠠᠭᠠᠨ ᠰᠢᠯᠭᠠᠬᠤ ᠲᠠᠰᠤᠭ ᠤᠨ ᠡᠷᠬᠢᠯᠡᠭᠴᠢ ᠪᠠᠶ ᠯᠢ ᠵᠢᠤᠸᠠᠨ | ᠰᠤᠷᠪᠤᠯᠵᠢᠯᠠᠭᠴᠢ ᠳᠤ ᠬᠡᠯᠡᠬᠦ ᠳᠡᠭᠡᠨ᠂ ︽ᠪᠢᠳᠡ ᠪᠥᠬᠦ ᠬᠤᠲᠠ ᠳᠤ ᠨᠡᠶᠢᠲᠡ 30 ᠬᠢᠨᠠᠨ ᠬᠡᠮᠵᠢᠬᠦ ᠴᠡᠭ ᠭᠠᠷᠭᠠᠵᠤ᠂ | ᠤᠰᠤᠨ ᠤ ᠲᠥᠷᠥᠯ ᠵᠦᠢᠯ ᠳᠤ ᠦᠢᠯᠡᠳᠪᠦᠷᠢ ᠠᠴᠠ ᠭᠠᠷᠬᠤ ᠤᠰᠤ᠂ ᠤᠰᠤᠨ ᠤ ᠡᠬᠢ ᠰᠤᠷᠪᠤᠯᠵᠢ ᠪᠠ ᠤᠰᠤᠨ | ᠭᠤᠭᠤᠵᠢᠭᠤᠷ ᠤᠨ ᠤᠰᠤ ᠪᠠᠭᠲᠠᠨ᠎ᠠ᠂ ᠡᠯ᠎ᠡ ᠥᠯᠢᠭᠡᠷ ᠠᠪᠬᠤ ᠴᠡᠭ ᠪᠠᠶᠢᠷᠢ ᠳᠤ ᠤᠳᠠᠭ᠎ᠠ ᠳᠠᠷᠠᠭ᠎ᠠ ᠪᠠᠷ ᠭᠠᠷᠠᠭ ᠤᠨ | ᠪᠠᠶᠢᠴᠠᠭᠠᠯᠲᠠ᠂ ᠰᠠᠷ᠎ᠠ ᠶᠢᠨ ᠪᠠᠶᠢᠴᠠᠭᠠᠯᠲᠠ ᠪᠠ ᠣᠨ ᠤ ᠪᠠᠶᠢᠴᠠᠭᠠᠯᠲᠠ ᠬᠢᠵᠦ᠂ ᠪᠠᠶᠢᠴᠠᠭᠠᠨ ᠰᠢᠯᠭᠠᠬᠤ ᠲᠥᠷᠥᠯ | ᠵᠦᠢᠯ ᠳᠤ ᠮᠢᠺᠷᠣᠪ ᠤᠨ ᠬᠦᠢᠴᠡᠳᠬᠡᠯ ᠲᠤᠭ᠎ᠠ᠂ ᠬᠤᠤᠷᠳᠠᠯ ᠤᠨ ᠬᠦᠢᠴᠡᠳᠬᠡᠯ ᠲᠤᠭ᠎ᠠ᠂ ᠰᠠᠴᠤᠷᠠᠭ ᠤᠨ | ᠬᠦᠢᠴᠡᠳᠬᠡᠯ ᠲᠤᠭ᠎ᠠ ᠵᠡᠷᠭᠡ ᠣᠯᠠᠨ ᠵᠦᠢᠯ ᠤᠨ ᠬᠦᠢᠴᠡᠳᠬᠡᠯ ᠲᠤᠭ᠎ᠠ ᠪᠠᠭᠲᠠᠨ᠎ᠠ᠂ ᠡᠭᠦᠨ ᠤ ᠬᠠᠮᠲᠤ ᠪᠢᠳᠡ | ᠪᠠᠶᠢᠴᠠᠭᠠᠨ ᠰᠢᠯᠭᠠᠬᠤ ᠪᠥᠬᠦ ᠶᠠᠪᠤᠴᠠ ᠳᠤ ᠶᠠᠰᠤ ᠴᠢᠨᠠᠷ ᠤᠨ ᠡᠵᠡᠮᠳᠡᠯ ᠬᠢᠵᠦ᠂ ᠪᠠᠶᠢᠴᠠᠭᠠᠨ ᠰᠢᠯᠭᠠᠭᠰᠠᠨ ᠦᠷ᠎ᠡ | ᠳ᠋ᠦᠩ ᠤᠨ ᠦᠨᠡᠨ ᠪᠣᠳᠠᠲᠤ ᠴᠢᠨᠠᠷ ᠪᠠ ᠣᠨᠣᠪᠴᠢ ᠶᠢᠨ ᠬᠡᠮᠵᠢᠶ᠎ᠡ ᠶᠢ ᠪᠠᠲᠤᠯᠠᠵᠤ᠂ ᠮᠠᠨ ᠤ ᠬᠤᠲᠠ ᠶᠢᠨ ᠰᠠᠭᠤᠭᠠᠯᠢ | ᠠᠷᠠᠳ ᠤᠨ ᠤᠰᠤ ᠬᠡᠷᠡᠭᠯᠡᠬᠦ ᠠᠮᠤᠷ ᠲᠦᠪᠰᠢᠨ ᠢ ᠦᠨᠡᠨ ᠬᠦ ᠪᠠᠲᠤᠯᠠᠵᠤ ᠪᠠᠶᠢᠨ᠎ᠠ︾ ᠭᠡᠵᠡᠶ᠃ | | | | | ᠵᠢᠩ ᠶᠧ ᠪᠦᠯᠦᠭᠯᠡᠯ ᠤᠨ ᠤᠯᠠᠭᠠᠨᠬᠤᠲᠠ ᠪᠣᠯᠣᠳ ᠲᠡᠮᠦᠷ ᠤᠨ ᠪᠦᠷᠢᠨ ᠪᠣᠰᠤ ᠬᠠᠷᠢᠭᠤᠴᠠᠯᠭᠠᠲᠤ | ᠺᠣᠮᠫᠠᠨᠢ ᠶᠢᠨ ᠪᠣᠬᠢᠷ ᠤᠰᠤ ᠰᠢᠢᠳᠪᠦᠷᠢᠯᠡᠬᠦ ᠲᠠᠰᠤᠭ ᠲᠤ᠂ ᠡᠷᠭᠢᠯᠲᠡᠲᠦ ᠤᠰᠤ ᠬᠥᠷᠥᠭᠡᠬᠦ ᠰᠢᠰᠲ᠋ᠧᠮ ᠨᠢ ᠥᠨᠳᠥᠷ | ᠪᠦᠲᠦᠮᠵᠢᠲᠡᠶ ᠠᠵᠢᠯᠯᠠᠵᠤ᠂ ᠬᠡᠷᠡᠭᠯᠡᠵᠦ ᠥᠩᠭᠡᠷᠡᠭᠰᠡᠨ ᠬᠠᠯᠠᠭᠤᠨ ᠤᠰᠤ ᠶᠢ ᠳᠠᠮᠵᠢᠭᠤᠯᠬᠤ ᠬᠤᠭᠤᠯᠠᠶ ᠳᠤ ᠬᠤᠷᠢᠶᠠᠨ | ᠴᠤᠭᠯᠠᠭᠤᠯᠵᠤ᠂ ᠴᠡᠪᠡᠷᠰᠢᠭᠦᠯᠬᠦ ᠲᠥᠬᠦᠭᠡᠷᠦᠮᠵᠢ ᠪᠠᠷ ᠳᠠᠮᠵᠢᠨ ᠬᠤᠯᠢᠮᠠᠭ ᠪᠣᠳᠠᠰ ᠢ ᠰᠢᠭᠦᠷᠡᠭᠦᠯᠵᠦ᠂ ᠳᠠᠬᠢᠨ | ᠬᠦᠷᠦᠭᠰᠡᠨ ᠤ ᠳᠠᠷᠠᠭ᠎ᠠ᠂ ᠨᠠᠷᠢᠯᠢᠭ ᠣᠨᠣᠴᠠᠲᠠᠢ ᠪᠠᠷ ᠦᠢᠯᠡᠳᠪᠦᠷᠢᠯᠡᠯ ᠤᠨ ᠱᠤᠭᠤᠮ ᠳᠤ ᠬᠦᠷᠭᠡᠵᠦ᠂ ᠤᠰᠤᠨ ᠤ | ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠶᠢ ᠪᠡᠶᠡᠯᠡᠭᠦᠯᠪᠡ᠃ | ︽ᠪᠢᠳᠡ ᠤᠰᠤ ᠠᠷᠪᠢᠯᠠᠬᠤ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠪᠣᠬᠢᠷ ᠤᠰᠤ ᠶᠢ | ᠰᠢᠢᠳᠪᠦᠷᠢᠯᠡᠬᠦ ᠪᠠ ᠡᠷᠭᠢᠯᠳᠦᠭᠦᠯᠦᠨ ᠠᠰᠢᠭᠯᠠᠬᠤ ᠲᠡᠷᠢᠭᠦᠨ ᠤ ᠲᠥᠬᠦᠭᠡᠷᠦᠮᠵᠢ ᠶᠢ ᠣᠷᠣᠭᠤᠯᠤᠨ ᠠᠪᠴᠢᠷᠠᠵᠤ᠂ | ᠬᠠᠶᠠᠭᠳᠠᠮᠠᠯ ᠤᠰᠤ ᠶᠢ ᠭᠠᠳᠠᠭᠰᠢᠯᠠᠭᠤᠯᠬᠤ ᠥᠬᠡᠶ ᠪᠠᠶᠢᠬᠤ ᠶᠢ ᠪᠡᠶᠡᠯᠡᠭᠦᠯᠪᠡ᠃ ᠡᠨᠡ ᠨᠢ ᠣᠷᠴᠢᠨ ᠲᠣᠭᠤᠷᠢᠨ ᠳᠤ | ᠦᠵᠡᠭᠦᠯᠬᠦ ᠨᠥᠯᠥᠭᠡ ᠶᠢ ᠪᠠᠭᠠᠰᠬᠠᠭᠰᠠᠨ ᠢᠶᠠᠷ ᠪᠠᠷᠠᠬᠤ ᠥᠬᠡᠶ᠂ ᠪᠠᠰᠠ ᠦᠢᠯᠡᠳᠪᠦᠷᠢᠯᠡᠯ ᠤᠨ ᠥᠪᠡᠷ ᠤᠨ ᠥᠷᠲᠡᠭ ᠢ | ᠪᠠᠭᠤᠷᠠᠭᠤᠯᠵᠤ᠂ ᠪᠠᠰᠠ ᠪᠥᠬᠦ ᠬᠤᠲᠠ ᠶᠢᠨ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠳᠤ ᠬᠦᠴᠦᠨ | ᠴᠢᠳᠠᠯ ᠢᠶᠠᠨ ᠡᠷᠭᠦᠪᠡ︾ ᠭᠡᠵᠦ ᠤᠯᠠᠭᠠᠨᠬᠤᠲᠠ ᠪᠣᠯᠣᠳ ᠲᠡᠮᠦᠷ ᠤᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠶᠢᠨ | ᠡᠨᠧᠷᠭᠢ ᠶᠢᠨ ᠬᠠᠮᠢᠶᠠᠷᠤᠨ ᠡᠵᠡᠮᠳᠡᠬᠦ ᠲᠥᠪ ᠤᠨ ᠡᠷᠬᠢᠯᠡᠭᠴᠢ ᠵᠢᠶᠤᠤ ᠯᠢ ᠹᠧᠩ ᠬᠡᠯᠡᠪᠡ᠃ | | | | | ᠤᠢᠢᠷ᠎ᠠ ᠶᠢᠨ ᠵᠢᠯ ᠠᠴᠠ᠂ ᠤᠯᠠᠭᠠᠨᠬᠤᠲᠠ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ | ᠠᠵᠢᠯᠯᠠᠭ᠎ᠠ ᠪᠠᠷ ᠭᠤᠣᠯ ᠪᠣᠯᠭᠠᠵᠤ᠂ ᠤᠯᠠᠨ ᠲᠠᠯ᠎ᠠ ᠪᠠᠷ ᠬᠦᠴᠦᠯᠡᠵᠦ᠂ ᠬᠠᠮᠵᠢᠯᠴᠠᠨ ᠬᠠᠮᠲᠤᠷᠠᠯᠴᠠᠵᠤ᠂ ᠤᠰᠤᠨ ᠤ | ᠡᠬᠢ ᠪᠠᠶᠠᠯᠢᠭ ᠢ ᠥᠨᠳᠥᠷ ᠪᠦᠲᠦᠮᠵᠢᠲᠡᠢ ᠠᠰᠢᠭᠯᠠᠬᠤ ᠪᠠ ᠠᠮᠢ ᠠᠬᠤᠢ ᠶᠢᠨ ᠬᠠᠮᠠᠭᠠᠯᠠᠯᠲᠠ ᠶᠢ ᠵᠡᠷᠭᠡᠪᠡᠷ | ᠠᠬᠢᠭᠤᠯᠬᠤ ᠶᠢ ᠠᠬᠢᠭᠤᠯᠵᠤ᠂ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠢ ᠤᠰᠤ ᠶᠢ ᠬᠠᠮᠠᠭᠠᠯᠠᠬᠤ᠂ ᠤᠰᠤ ᠶᠢ | ᠵᠠᠰᠠᠬᠤ᠂ ᠤᠰᠤ ᠶᠢ ᠬᠡᠷᠡᠭᠯᠡᠬᠦ᠂ ᠤᠰᠤ ᠶᠢ ᠠᠷᠪᠢᠯᠠᠬᠤ ᠰᠢᠨ᠎ᠡ ᠡᠮᠬᠢ ᠳᠢᠭᠯᠢᠮ ᠢ ᠪᠠᠶᠢᠭᠤᠯᠵᠠᠢ᠃ | ᠤᠯᠠᠭᠠᠨᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠮᠠ ᠴᠢᠩ ᠢ᠂ ᠤᠰᠤ ᠶᠢ ᠵᠠᠰᠠᠬᠤ᠂ ᠤᠰᠤ ᠶᠢ ᠬᠠᠮᠠᠭᠠᠯᠠᠬᠤ᠂ | ᠤᠰᠤ ᠶᠢ ᠬᠡᠷᠡᠭᠯᠡᠬᠦ ᠪᠠ ᠤᠰᠤ ᠶᠢ ᠠᠷᠪᠢᠯᠠᠬᠤ ᠪᠣᠯ ᠣᠷᠭᠠᠨᠢᠭ ᠪᠦᠬᠦᠯᠢ ᠴᠣᠭᠴᠠ ᠮᠥᠨ᠂ ᠬᠤᠲᠠ ᠶᠢᠨ ᠠᠮᠢ | ᠠᠬᠤᠢ ᠶᠢᠨ ᠠᠮᠤᠷ ᠲᠦᠪᠰᠢᠨ ᠪᠠ ᠠᠵᠤ ᠠᠬᠤᠢ ᠶᠢᠨ ᠬᠥᠭᠵᠢᠯᠲᠡ ᠲᠠᠢ ᠬᠤᠯᠪᠣᠭᠳᠠᠵᠤ ᠪᠠᠶᠢᠳᠠᠭ᠃ | ᠤᠯᠠᠭᠠᠨᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠠᠵᠤ ᠦᠢᠯᠡᠳᠪᠦᠷᠢ᠂ ᠲᠠᠷᠢᠶᠠᠯᠠᠩ᠂ ᠬᠤᠲᠠ ᠪᠠᠯᠭᠠᠰᠤ | ᠵᠡᠷᠭᠡ ᠣᠯᠠᠨ ᠬᠦᠷᠢᠶ᠎ᠡ ᠴᠠᠷᠠᠭ᠎ᠠ ᠠᠴᠠ ᠬᠦᠴᠦᠯᠡᠵᠦ᠂ ᠤᠰᠤ ᠠᠷᠪᠢᠯᠠᠬᠤ ︽ᠬᠠᠮ ᠠᠷᠭ᠎ᠠ ᠬᠡᠮᠵᠢᠶ᠎ᠡ︾ ᠶᠢ ᠰᠠᠶᠢᠲᠤᠷ | ᠬᠡᠷᠡᠭᠵᠢᠭᠦᠯᠵᠦ᠂ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠥᠬᠡᠶ | ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ ᠢ ᠦᠷᠭᠦᠯᠵᠢᠯᠡᠬᠦᠶᠢᠴᠡ ᠠᠰᠢᠭᠯᠠᠯᠲᠠ ᠪᠠᠷ ᠠᠮᠢ ᠠᠬᠤᠶ ᠶᠢ | ᠬᠠᠮᠠᠭᠠᠯᠠᠬᠤ᠂ ᠠᠵᠤ ᠦᠢᠯᠡᠰ ᠢ ᠲᠠᠰ ᠳᠡᠪᠰᠢᠭᠦᠯᠬᠦ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠬᠦᠴᠦᠷᠬᠡᠭ | ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ ᠭᠡᠪᠡ᠃ | |