| | ᠣᠶᠢᠷ᠎ᠠ ᠶᠢᠨ ᠵᠢᠯ ᠠᠴᠠ᠂ ᠤᠯᠠᠭᠠᠨᠬᠤᠲᠠ ᠬᠤᠲᠠ ᠶᠢᠨ ᠬᠠᠮᠢᠶᠠᠷᠤᠯᠲᠠ ᠶᠢᠨ ᠪᠣᠳᠠᠲᠤ ᠪᠠᠶᠢᠳᠠᠯ ᠳᠤ | ᠰᠠᠭᠤᠷᠢᠯᠠᠨ᠂ ᠬᠤᠭᠤᠯᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠲᠥᠷᠥᠯ ᠵᠦᠢᠯ ᠢᠶᠠᠷ ᠲᠦᠰᠢᠭ ᠪᠣᠯᠭᠠᠵᠤ᠂ | ᠰᠢᠨᠵᠢᠯᠡᠬᠦ ᠤᠬᠠᠭᠠᠨᠴᠢ ᠵᠦᠶ ᠵᠣᠬᠢᠰᠲᠠᠶ ᠬᠤᠭᠤᠯᠠᠨ ᠭᠡᠷ ᠤᠨ ᠬᠤᠭ ᠨᠣᠪᠰᠢ ᠶᠢ ᠴᠡᠪᠡᠷᠯᠡᠨ ᠭᠠᠳᠠᠭᠰᠢ | ᠲᠡᠭᠡᠭᠡᠪᠦᠷᠢᠯᠡᠵᠦ ᠰᠢᠢᠳᠪᠦᠷᠢᠯᠡᠬᠦ ᠶᠠᠪᠤᠴᠠ ᠶᠢ ᠪᠠᠶᠢᠭᠤᠯᠵᠤ᠂ ᠬᠤᠭᠤᠯᠠᠨ ᠭᠡᠷ ᠤᠨ ᠬᠤᠭ ᠨᠣᠪᠰᠢ ᠶᠢ ︽ᠭᠠᠷᠭᠠᠬᠤ - | ᠴᠤᠭᠯᠠᠭᠤᠯᠬᠤ - ᠲᠡᠭᠡᠭᠡᠪᠦᠷᠢᠯᠡᠬᠦ - ᠰᠢᠢᠳᠪᠦᠷᠢᠯᠡᠬᠦ︾ ᠡᠯ᠎ᠡ ᠭᠤᠭᠴᠣᠭᠠᠨ ᠤ ᠵᠠᠰᠠᠯᠲᠠ ᠶᠢ ᠴᠢᠩᠭᠠᠳᠬᠠᠵᠤ᠂ | ᠬᠤᠭᠤᠯᠠᠨ ᠭᠡᠷ ᠤᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠡᠶᠡᠯᠡᠭᠦᠯᠪᠡ᠃ | ᠥᠷᠯᠥᠭᠡ ᠡᠷᠲᠡ᠂ ᠨᠢᠭᠡ ᠪᠦᠯᠦᠭ ᠣᠨᠴᠠᠭᠠᠶ ᠡᠭᠦᠷᠭᠡ ᠡᠭᠦᠷᠭᠡᠯᠡᠵᠦ ᠪᠠᠶᠢᠭ᠎ᠠ ︽ᠬᠤᠲᠠ ᠶᠢᠨ | ᠴᠡᠪᠡᠷᠯᠡᠭᠴᠢ︾ - ᠬᠤᠭᠤᠯᠠᠨ ᠭᠡᠷ ᠤᠨ ᠬᠤᠭ ᠨᠣᠪᠰᠢ ᠶᠢᠨ ᠲᠡᠷᠭᠡ ᠤᠯᠠᠭᠠᠨᠬᠤᠲᠠ ᠶᠢᠨ ᠡᠯ᠎ᠡ ᠶᠡᠭᠡ ᠢᠳᠡᠭᠡᠨ | ᠤᠮᠳᠠᠭᠠᠨ ᠤ ᠭᠠᠵᠠᠷ ᠢᠶᠠᠷ ᠰᠦᠯᠵᠢᠯᠳᠦᠵᠦ᠂ ᠶᠠᠭᠠᠷᠠᠯᠲᠠᠶ ᠨᠢᠭᠡ ᠡᠳᠦᠷ ᠤᠨ ᠠᠵᠢᠯ ᠢᠶᠠᠨ ᠡᠬᠢᠯᠡᠭᠦᠯᠦᠨ᠎ᠠ᠃ ᠡᠳᠡᠭᠡᠷ | ᠢᠯᠡ ᠲᠣᠳᠣ ᠲᠤᠭ ᠲᠡᠮᠳᠡᠭ ᠬᠤᠭᠤᠯᠠᠨ ᠭᠡᠷ ᠤᠨ ᠬᠤᠭ ᠨᠣᠪᠰᠢ ᠶᠢᠨ ᠲᠡᠷᠭᠡ ᠨᠢ ᠢᠳᠡᠭᠡᠨ ᠤᠮᠳᠠᠭᠠᠨ ᠤ | ᠲᠠᠯᠠᠪᠤᠷ ᠤᠨ ᠡᠳᠦᠷ ᠪᠦᠷᠢ ᠶᠢᠨ ᠭᠠᠷᠭᠠᠭᠰᠠᠨ ᠶᠡᠭᠡ ᠬᠡᠮᠵᠢᠶᠡᠨ ᠤ ᠬᠤᠭᠤᠯᠠᠨ ᠭᠡᠷ ᠤᠨ ᠬᠤᠭ ᠨᠣᠪᠰᠢ ᠶᠢᠨ ᠠᠮᠤᠷ | ᠲᠦᠪᠰᠢᠨ᠂ ᠥᠨᠳᠥᠷ ᠪᠦᠲᠦᠮᠵᠢᠲᠡᠶ ᠪᠠᠷ ᠲᠣᠭᠲᠠᠭᠰᠠᠨ ᠰᠢᠢᠳᠪᠦᠷᠢᠯᠡᠬᠦ ᠴᠡᠭ ᠲᠤ ᠬᠦᠷᠭᠡᠬᠦ ᠡᠭᠦᠷᠭᠡ ᠶᠢ ᠡᠭᠦᠷᠭᠡᠯᠡᠵᠦ | ᠪᠠᠶᠢᠭ᠎ᠠ ᠶᠤᠮ᠃ | | | | | ︽ᠯᠢᠦᠢ ᠵᠢᠶᠧ ᠺᠣᠮᠫᠠᠨᠢ ᠣᠳᠣ 4 ᠰᠠᠭᠤᠷᠢ 6.5 ᠪᠣᠰᠤᠭ᠎ᠠ ᠳᠥᠷᠪᠡᠯᠵᠢᠨ ᠮᠧᠲᠷ ᠤᠨ ᠬᠤᠭᠤᠯᠠᠨ | ᠭᠡᠷ ᠤᠨ ᠬᠤᠭ ᠨᠣᠪᠰᠢ ᠶᠢ ᠳᠠᠮᠵᠢᠭᠤᠯᠤᠨ ᠲᠡᠭᠡᠭᠡᠪᠦᠷᠢᠯᠡᠬᠦ ᠲᠡᠷᠭᠡ ᠶᠢ ᠡᠬᠢᠯᠡᠨ ᠬᠡᠷᠡᠭᠯᠡᠵᠦ᠂ ᠭᠤᠣᠯᠳᠠᠭᠤ ᠪᠦᠬᠦ | ᠬᠤᠲᠠ ᠶᠢᠨ 2000 ᠭᠠᠷᠤᠢ ᠢᠳᠡᠭᠡᠨ ᠤᠮᠳᠠᠭᠠᠨ ᠤ ᠨᠢᠭᠡᠴᠢ ᠵᠢᠴᠢ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠶᠢᠨ ᠬᠤᠭᠤᠯᠠᠨ ᠭᠡᠷ ᠤᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠡᠭᠦᠷᠭᠡ ᠶᠢ ᠬᠠᠷᠢᠭᠤᠴᠠᠵᠤ᠂ | ᠡᠳᠦᠷ ᠤᠨ ᠰᠢᠢᠳᠪᠦᠷᠢᠯᠡᠬᠦ ᠬᠡᠮᠵᠢᠶ᠎ᠡ ᠨᠢ ᠪᠠᠷᠤᠭ 20 ᠲᠣᠨ ᠪᠠᠶᠢᠨ᠎ᠠ᠃ ᠲᠣᠭᠲᠠᠭᠰᠠᠨ ᠴᠠᠭ ᠬᠤᠭᠤᠴᠠᠭ᠎ᠠ ᠪᠠ ᠵᠠᠮ | ᠱᠤᠭᠤᠮ ᠢᠶᠠᠷ ᠡᠳᠦᠷ ᠪᠦᠷᠢ ᠶᠢᠨ ᠦᠳᠡ ᠶᠢᠨ ᠡᠮᠦᠨ᠎ᠡ᠂ ᠦᠳᠡ ᠶᠢᠨ ᠬᠤᠶᠢᠨ᠎ᠠ ᠬᠤᠶᠠᠷ ᠤᠳᠠᠭ᠎ᠠ ᠴᠤᠭᠯᠠᠭᠤᠯᠤᠨ | ᠴᠡᠪᠡᠷᠯᠡᠨ ᠲᠡᠭᠡᠭᠡᠪᠦᠷᠢᠯᠡᠵᠦ᠂ ᠬᠤᠷᠢᠶᠠᠨ ᠴᠤᠭᠯᠠᠭᠤᠯᠤᠭᠰᠠᠨ ᠤ ᠳᠠᠷᠠᠭ᠎ᠠ ᠬᠠᠨ ᠸᠧᠶ ᠰᠢᠲᠠᠭᠠᠵᠤ ᠴᠠᠬᠢᠯᠭᠠᠨ | ᠭᠠᠷᠭᠠᠬᠤ ᠦᠢᠯᠡᠳᠪᠦᠷᠢ ᠳᠤ ᠨᠢᠭᠡᠳᠦᠯᠲᠡᠶ ᠬᠦᠷᠭᠡᠵᠦ ᠬᠤᠤᠷ ᠦᠭᠡᠶᠢᠳᠡᠭᠦᠯᠦᠨ ᠰᠢᠢᠳᠪᠦᠷᠢᠯᠡᠨ᠎ᠡ︾ ᠭᠡᠵᠦ | ᠤᠯᠠᠭᠠᠨᠬᠤᠲᠠ ᠶᠢᠨ ᠯᠢᠦᠶ ᠵᠢᠶᠧ ᠾᠧᠩ ᠵᠢᠩ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ | ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠶᠢᠨ ᠲᠡᠷᠭᠡ ᠬᠥᠰᠬᠡ ᠶᠢᠨ ᠲᠡᠭᠡᠭᠡᠪᠦᠷᠢ ᠶᠢᠨ ᠬᠠᠮᠢᠶᠠᠷᠤᠯᠲᠠ ᠶᠢᠨ | ᠬᠡᠯᠲᠡᠰ ᠤᠨ ᠳᠠᠷᠤᠭ᠎ᠠ ᠪᠦᠦ ᠱᠢ ᠴᠢ ᠬᠡᠯᠡᠪᠡ᠃ | | | | | ᠬᠤᠭᠤᠯᠠᠨ ᠭᠡᠷ ᠤᠨ ᠬᠤᠭ ᠨᠣᠪᠰᠢ ᠳᠠᠮᠵᠢᠭᠤᠯᠤᠨ ᠵᠥᠭᠡᠭᠡᠪᠦᠷᠢᠯᠡᠬᠦ ᠲᠡᠷᠭᠡ ᠤᠯᠠᠭᠠᠨᠬᠤᠲᠠ ᠶᠢᠨ ᠬᠠᠨ | ᠸᠧᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠨᠧᠷᠭᠢ ᠶᠢᠨ ᠬᠢᠵᠠᠭᠠᠷᠲᠤ ᠺᠣᠮᠫᠠᠨᠢ ᠳᠤ ᠬᠦᠷᠦᠭᠰᠡᠨ ᠤ ᠳᠠᠷᠠᠭ᠎ᠠ᠂ | ᠬᠤᠪᠢᠶᠠᠨ ᠰᠣᠩᠭᠤᠬᠤ᠂ ᠬᠡᠮᠬᠡᠯᠬᠦ᠂ ᠰᠢᠬᠠᠬᠤ᠂ ᠡᠯᠳᠡᠪ ᠪᠣᠳᠠᠰ ᠢ ᠠᠷᠢᠯᠭᠠᠬᠤ ᠵᠡᠷᠭᠡ ᠶᠠᠪᠤᠴᠠ ᠪᠠᠷ | ᠰᠢᠢᠳᠪᠦᠷᠢᠯᠡᠭᠰᠡᠨ ᠤ ᠳᠠᠷᠠᠭ᠎ᠠ᠂ ᠬᠤᠭᠤᠯᠠᠨ ᠭᠡᠷ ᠤᠨ ᠬᠤᠭ ᠨᠣᠪᠰᠢ ᠭᠤᠷᠪᠠᠨ ᠰᠠᠯᠭᠠᠬᠤ ᠮᠠᠰᠢᠨ ᠢᠶᠠᠷ ᠳᠠᠮᠵᠢᠨ᠂ | ᠡᠴᠦᠰ ᠲᠡᠭᠡᠨ ᠤᠰᠤ᠂ ᠲᠣᠰᠣ ᠪᠠ ᠬᠠᠲᠠᠭᠤ ᠪᠡᠶᠡᠲᠦ ᠡᠭᠡᠳᠡᠩ ᠤᠨ ᠮᠠᠲ᠋ᠧᠷᠢᠶᠠᠯ ᠪᠣᠯᠭᠠᠨ ᠬᠤᠪᠢᠶᠠᠭᠳᠠᠵᠤ᠂ | ᠬᠤᠭᠤᠯᠠᠨ ᠭᠡᠷ ᠤᠨ ᠬᠤᠭ ᠨᠣᠪᠰᠢ ᠶᠢ ︽ᠪᠦᠬᠦᠨ ᠢ ᠰᠢᠢᠳᠪᠦᠷᠢᠯᠡᠬᠦ᠂ ᠥᠴᠦᠬᠡᠨ ᠴᠦ ᠪᠤᠯᠠᠬᠤ ᠦᠭᠡᠢ︾ ᠬᠤᠣᠷ | ᠦᠭᠡᠶᠢᠵᠢᠬᠦᠯᠬᠦ᠂ ᠡᠬᠢ ᠪᠠᠶᠠᠯᠢᠭᠵᠢᠭᠤᠯᠤᠨ ᠰᠢᠢᠳᠪᠦᠷᠢᠯᠡᠬᠦ ᠶᠢ ᠦᠨᠡᠨ ᠬᠦ ᠪᠡᠶᠡᠯᠡᠭᠦᠯᠪᠡ᠃ | ︽ᠬᠤᠭᠤᠯᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠲᠥᠷᠥᠯ ᠵᠦᠢᠯ ᠤᠨ ᠲᠣᠭᠲᠠᠭᠰᠠᠨ | ᠰᠢᠢᠳᠪᠦᠷᠢᠯᠡᠬᠦ ᠴᠢᠳᠠᠪᠤᠷᠢ ᠨᠢ ᠡᠳᠦᠷ ᠪᠦᠷᠢ 50 ᠲᠣᠨ ᠪᠠᠶᠢᠵᠤ᠂ ᠲᠣᠰᠣ ᠭᠠᠷᠭᠠᠬᠤ ᠨᠣᠷᠮ᠎ᠠ ᠨᠢ 3% ᠪᠣᠯᠤᠨ᠎ᠠ᠃ | ᠲᠥᠷᠥᠯ ᠵᠦᠢᠯ ᠠᠰᠢᠭᠯᠠᠯᠲᠠ ᠳᠤ ᠤᠷᠤᠭᠰᠠᠨ ᠠᠴᠠ ᠨᠠᠰᠢ᠂ ᠪᠢᠳᠡ ᠤᠯᠠᠭᠠᠨᠬᠤᠲᠠ ᠶᠢᠨ ᠬᠤᠭᠤᠯᠠᠨ ᠭᠡᠷ ᠤᠨ | ᠬᠤᠭ ᠨᠣᠪᠰᠢ ᠶᠢ ᠨᠡᠶᠢᠲᠡ 500 ᠭᠠᠷᠤᠶ ᠲᠣᠨ ᠰᠢᠢᠳᠪᠦᠷᠢᠯᠡᠵᠦ᠂ 15 ᠲᠣᠨ ᠠᠴᠠ ᠳᠡᠭᠡᠭᠰᠢ ᠲᠣᠰᠣ | ᠦᠢᠯᠡᠳᠪᠦᠷᠢᠯᠡᠵᠦ᠂ ᠦᠯᠡᠳᠡᠭᠰᠡᠨ ᠬᠠᠲᠠᠭᠤ ᠪᠡᠶᠡᠲᠦ ᠬᠤᠭ ᠨᠣᠪᠰᠢ ᠶᠢ ᠨᠢᠭᠡᠨᠲᠡ ᠴᠥᠮ ᠠᠮᠢᠳᠤᠷᠠᠯ ᠤᠨ ᠬᠤᠭ | ᠨᠣᠪᠰᠢ ᠶᠢ ᠰᠢᠲᠠᠭᠠᠬᠤ ᠵᠤᠤᠬ᠎ᠠ ᠳᠤ ᠣᠷᠣᠭᠤᠯᠤᠨ ᠬᠤᠤᠷ ᠥᠭᠡᠶᠢᠵᠢᠭᠦᠯᠦᠨ ᠰᠢᠲᠠᠭᠠᠵᠤ᠂ ᠪᠣᠶ ᠪᠣᠯᠤᠭᠰᠠᠨ ᠪᠣᠬᠢᠷ | ᠤᠰᠤ ᠶᠢ ᠪᠣᠬᠢᠷ ᠤᠰᠤ ᠰᠢᠢᠳᠪᠦᠷᠢᠯᠡᠬᠦ ᠥᠷᠲᠡᠭᠡ ᠪᠠᠷ ᠳᠠᠮᠵᠢᠭᠤᠯᠤᠨ ᠳᠦᠷᠢᠮ ᠳᠤ ᠨᠡᠶᠢᠴᠡᠭᠦᠯᠦᠨ ᠰᠢᠢᠳᠪᠦᠷᠢᠯᠡᠨ᠎ᠡ | ︾ ᠭᠡᠵᠦ ᠤᠯᠠᠭᠠᠨᠬᠤᠲᠠ ᠶᠢᠨ ᠬᠠᠨ ᠸᠧᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠨᠧᠷᠭᠢ ᠶᠢᠨ ᠬᠢᠵᠠᠭᠠᠷᠲᠤ | ᠺᠣᠮᠫᠠᠨᠢ ᠶᠢᠨ ᠦᠢᠯᠡᠳᠪᠦᠷᠢᠯᠡᠯ ᠤᠨ ᠳᠡᠳ᠋ ᠶᠡᠷᠦᠩᠬᠡᠢ ᠳᠠᠭᠠᠭᠠᠮᠠᠯ ᠯᠢᠦ ᠴᠢᠩ ᠢᠦᠢ ᠬᠡᠯᠡᠪᠡ᠃ | | | | | ᠣᠶᠢᠯᠠᠭᠠᠭᠰᠠᠨ ᠢᠶᠠᠷ᠂ ᠤᠯᠠᠭᠠᠨᠬᠤᠲᠠ ᠶᠢᠨ ᠬᠤᠭᠤᠯᠠᠨ ᠬᠡᠷ ᠤᠨ ᠬᠤᠭ ᠨᠣᠪᠰᠢ ᠶᠢ ᠰᠢᠢᠳᠪᠦᠷᠢᠯᠡᠬᠦ | ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 2000 ᠲᠦᠮᠡᠨ ᠲᠥᠭᠦᠷᠢᠭ᠂ ᠡᠵᠡᠯᠡᠬᠦ ᠲᠠᠯᠠᠪᠠᠶ ᠨᠢ | 340 ᠲᠡᠭᠰᠢ ᠳᠥᠷᠪᠡᠯᠵᠢᠨ ᠮᠧᠲᠷ ᠪᠠᠶᠢᠵᠤ᠂ ᠭᠤᠤᠯᠳᠠᠭᠤ ᠬᠤᠭᠤᠯᠠᠨ ᠬᠡᠷ ᠤᠨ ᠬᠤᠭ ᠨᠣᠪᠰᠢ ᠶᠢ ᠰᠢᠢᠳᠪᠦᠷᠢᠯᠡᠬᠦ | ᠲᠠᠰᠤᠭ᠂ ᠬᠤᠭᠤᠯᠠᠨ ᠬᠡᠷ ᠤᠨ ᠤᠰᠤ ᠥᠬᠡᠶᠢᠳᠡᠭᠦᠯᠦᠨ ᠲᠣᠰᠤ ᠶᠢ ᠠᠷᠢᠯᠭᠠᠨ ᠰᠢᠢᠳᠪᠦᠷᠢᠯᠡᠬᠦ ᠰᠢᠰᠲ᠋ᠧᠮ ᠵᠢᠴᠢ | ᠣᠯᠠᠨ ᠨᠡᠶᠢᠲᠡ ᠶᠢᠨ ᠲᠤᠰᠠᠯᠠᠬᠤ ᠲᠣᠨᠤᠭ ᠲᠥᠬᠦᠭᠡᠷᠦᠮᠵᠢ ᠶᠢ ᠪᠥᠲᠥᠭᠡᠨ ᠪᠠᠶᠢᠭᠤᠯᠪᠠ᠃ ᠲᠥᠷᠥᠯ ᠵᠦᠢᠯ ᠢ | 2024 ᠣᠨ ᠤ 10 ᠰᠠᠷ᠎ᠠ ᠳᠤ ᠡᠬᠢᠯᠡᠭᠦᠯᠵᠦ᠂ 12 ᠰᠠᠷ᠎ᠠ ᠶᠢᠨ ᠰᠡᠭᠦᠯᠴᠢ ᠪᠠᠷ ᠠᠵᠢᠯ ᠢᠶᠠᠨ ᠵᠢᠩᠬᠢᠨᠢ ᠪᠠᠷ | ᠳᠠᠭᠤᠰᠬᠠᠵᠠᠢ᠃ ᠪᠦᠬᠦ ᠬᠤᠲᠠ ᠶᠢᠨ ᠴᠣᠷ ᠤᠨ ᠭᠠᠭᠴᠠ ᠬᠤᠭᠤᠯᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ | ᠲᠥᠬᠦᠭᠡᠷᠦᠮᠵᠢ ᠪᠣᠯᠤᠭᠰᠠᠨ ᠤ ᠬᠤᠪᠢ ᠳᠤ᠂ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ᠂ ᠬᠤᠭᠤᠯᠠᠨ | ᠭᠡᠷ ᠤᠨ ᠬᠤᠭ ᠨᠣᠪᠰᠢ ᠶᠢ ᠬᠠᠤᠯᠢ ᠪᠤᠰᠤ ᠪᠠᠷ ᠬᠤᠳᠠᠯᠳᠤᠭᠠᠯᠠᠭᠰᠠᠨ ᠠᠵᠤ ᠦᠢᠯᠡᠰ ᠤᠨ ᠬᠡᠯᠬᠢᠶ᠎ᠡ ᠶᠢ ᠪᠦᠲᠦᠮᠵᠢᠲᠡᠶ | ᠲᠠᠰᠤᠯᠵᠤ᠂ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠪᠠ᠃ ᠡᠭᠦᠨ ᠤ ᠬᠠᠮᠲᠤ ᠬᠤᠭ | ᠨᠣᠪᠰᠢ ᠶᠢ ᠰᠢᠲᠠᠭᠠᠬᠤ ᠮᠡᠷᠭᠡᠵᠢᠯ ᠢᠶᠠᠷ ᠳᠠᠮᠵᠢᠭᠤᠯᠤᠨ ᠢᠯᠴᠢ ᠶᠢᠨ ᠡᠨᠧᠷᠭᠢ ᠶᠢ ᠴᠠᠬᠢᠯᠭᠠᠨ ᠡᠨᠧᠷᠭᠢ ᠪᠣᠯᠭᠠᠨ | ᠬᠤᠪᠢᠷᠠᠭᠤᠯᠵᠤ᠂ ᠡᠨᠧᠷᠭᠢ ᠶᠢᠨ ᠳᠠᠬᠢᠨ ᠠᠰᠢᠭᠯᠠᠯᠲᠠ ᠶᠢ ᠪᠡᠶᠡᠯᠡᠭᠦᠯᠵᠦ᠂ ᠬᠤᠲᠠ ᠶᠢᠨ ᠠᠮᠢ ᠠᠬᠤᠶ ᠣᠷᠴᠢᠨ | ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠬᠤᠲᠠ ᠶᠢᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠳᠤ | ᠴᠢᠬᠤᠯᠠ ᠠᠴᠢ ᠬᠤᠯᠪᠣᠭᠳᠠᠯ ᠲᠠᠢ ᠶᠤᠮ᠃ | | | | |