| ︵ᠰᠤᠷᠪᠤᠯᠵᠢᠯᠠᠭᠴᠢ ᠴᠤᠯᠮᠤᠨ︶ ︽3 · 8︾ ᠤ ᠲᠡᠯᠡᠬᠡᠢ ᠶᠢᠨ ᠬᠦᠳᠡᠯᠮᠤᠷᠢᠴᠢᠨ ᠡᠮᠡᠭᠳᠡᠶᠢᠴᠤᠳ ᠤᠨ | ᠪᠠᠶᠠᠷ ᠤᠨ ᠡᠳᠤᠷ ᠬᠦᠷᠴᠤ ᠢᠷᠡᠬᠦ ᠲᠠᠰᠢᠷᠠᠮ ᠢᠶᠠᠷ᠂ ᠤᠯᠠᠭᠠᠨᠬᠤᠳᠠ ᠶᠢᠨ ᠲᠡᠬᠦᠯᠢᠨ ᠵᠡᠭᠡᠯᠢ ᠶᠢᠨ ᠵᠢᠶᠠᠨ ᠹᠧᠩ | ᠨᠡᠶᠢᠭᠡᠮ ᠲᠤᠭᠤᠷᠢᠭ ᠬᠢᠭᠡᠳ ᠲᠡᠬᠦᠯᠢᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠬᠠᠮᠳᠤᠷᠠᠨ ᠠᠯᠪᠠᠨ | ᠵᠢᠷᠤᠮ ᠤᠨ ᠡᠮᠴᠢᠯᠡᠭᠡᠨ ᠤ ᠠᠵᠢᠯᠯᠠᠭ᠎ᠠ ᠦᠷᠨᠢᠬᠦᠯᠤᠨ ᠰᠠᠭᠤᠭᠠᠯᠢ ᠠᠷᠠᠳ ᠤᠨ ᠡᠷᠡᠬᠦᠯ ᠮᠡᠨᠳᠤ ᠶᠢ ᠪᠠᠳᠤᠯᠠᠨ᠎ᠠ᠃ | 3 ᠰᠠᠷ᠎ᠠ ᠶᠢᠨ 5 ᠤ ᠡᠳᠤᠷ ᠤᠨ ᠦᠳᠠ ᠶᠢᠨ ᠬᠤᠶᠢᠨᠠᠬᠢ 3 ᠴᠠᠭ ᠢᠶᠠᠷ᠂ ᠲᠡᠬᠦᠯᠢᠨ ᠵᠡᠭᠡᠯᠢ ᠶᠢᠨ ᠵᠢᠶᠠᠨ | ᠹᠧᠩ ᠨᠡᠶᠢᠭᠡᠮ ᠲᠤᠭᠤᠷᠢᠭ ᠤᠨ ᠠᠵᠢᠯ ᠤᠨ ᠪᠠᠶᠢᠷᠢᠨ ᠳᠠᠭᠠᠨ ᠪᠠᠶᠢᠬᠤ ᠨᠠᠮ ᠤᠨ ᠭᠡᠰᠢᠬᠦᠨ ᠪᠠ ᠰᠠᠭᠤᠭᠠᠯᠢ | ᠠᠷᠠᠳ ᠠᠴᠠ ᠨᠡᠶᠢᠭᠡᠮ ᠲᠤᠭᠤᠷᠢᠭ ᠲᠤ ᠬᠦᠷᠤᠯᠴᠠᠨ ᠢᠷᠠᠵᠤ᠂ ᠲᠡᠬᠦᠯᠢᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ | ᠲᠦᠪ ᠤᠨ ᠵᠠᠢ ᠢᠥᠢ ᠡᠮᠴᠢ ᠠᠴᠠ ᠡᠮᠡᠭᠳᠡᠶᠢᠴᠤᠳ ᠤᠨ ᠡᠷᠡᠬᠦᠯ ᠬᠠᠮᠠᠭᠠᠯᠠᠯ ᠤᠨ ᠲᠤᠬᠠᠢ ᠲᠠᠶᠢᠯᠪᠤᠷᠢᠯᠠᠯᠳᠠ ᠬᠢᠪᠠ᠃ | ᠡᠬᠦᠨ ᠳᠤ᠂ ᠡᠮᠡᠭᠳᠡᠶᠢᠴᠤᠳ ᠤᠨ ᠪᠡᠶ᠎ᠠ ᠮᠠᠬᠠᠪᠤᠳ ᠤᠨ ᠤᠨᠴᠠᠯᠢᠭ ᠪᠠ ᠪᠡᠶ᠎ᠠ ᠰᠤᠪᠢᠯᠠᠬᠤ ᠠᠷᠭ᠎ᠠ᠂ ᠲᠦᠷᠪᠡᠨ | ᠤᠯᠠᠷᠢᠯ ᠳᠤ ᠢᠳᠡᠭᠡᠨ ᠢᠶᠠᠷ ᠡᠮᠨᠡᠨ ᠵᠠᠰᠠᠬᠤ᠂ ᠨᠠᠰᠤᠳᠠᠶᠢᠴᠤᠳ ᠵᠠᠪᠠᠯ ᠮᠡᠳᠡᠬᠦ ᠴᠡᠭᠡᠷᠯᠡᠬᠦ ᠵᠦᠢᠯ ᠵᠡᠷᠭᠡ | ᠠᠭᠤᠯᠭ᠎ᠠ ᠪᠠᠷ ᠲᠠᠶᠢᠯᠪᠤᠷᠢᠯᠠᠯᠳᠠ ᠬᠢᠵᠤ᠂ ᠤᠷᠤᠯᠴᠠᠭᠰᠠᠨ ᠪᠦᠬᠦᠨ ᠬᠢᠨᠠᠮᠠᠭᠠᠢ ᠰᠤᠨᠤᠰᠴᠤ᠂ ᠭᠠᠷ ᠤᠳᠠᠰᠤ ᠪᠠᠷ ᠢᠶᠠᠨ | ᠴᠢᠬᠤᠯᠠ ᠬᠢᠴᠢᠶᠡᠯ ᠤᠨ ᠠᠭᠤᠯᠭ᠎ᠠ ᠶᠢ ᠰᠡᠬᠦᠳᠡᠷᠯᠡᠨ ᠲᠡᠮᠳᠡᠭᠯᠡᠨ᠎ᠠ᠃ ᠡᠬᠦᠨ ᠤ ᠬᠠᠮᠳᠤ᠂ ᠲᠡᠬᠦᠯᠢᠨ ᠡᠷᠡᠬᠦᠯ | ᠬᠠᠮᠠᠭᠠᠯᠠᠯ ᠤᠨ ᠦᠢᠯᠡᠴᠢᠯᠡᠭᠡᠨ ᠤ ᠲᠦᠪ ᠤᠨ ᠡᠮᠴᠢ ᠰᠤᠪᠢᠯᠠᠭᠴᠢ ᠠᠴᠠ ᠤᠯᠠᠨ ᠳᠤ ︽ᠨᠠᠰᠤᠳᠠᠶᠢᠴᠤᠳ ᠤᠨ | ᠬᠢᠳᠠᠳ ᠡᠮᠨᠡᠯᠭᠡ ᠶᠢᠨ ᠡᠷᠡᠬᠦᠯᠵᠢᠯ︾᠂ ︽ᠨᠠᠰᠤᠳᠠᠶᠢᠴᠤᠳ ᠤᠨ ᠡᠷᠡᠬᠦᠯ ᠬᠠᠮᠠᠭᠠᠯᠠᠯ ᠪᠠ ᠡᠮ ᠡᠮᠨᠡᠯᠭᠡ ᠶᠢ | ᠤᠶᠠᠯᠳᠤᠭᠤᠯᠬᠤ ᠲᠠᠶᠢᠯᠪᠤᠷᠢᠯᠠᠯᠳᠠ︾ ︽ᠭᠡᠷ ᠪᠦᠯᠢ ᠶᠢᠨ ᠡᠮᠴᠢ ᠶᠢᠨ ᠭᠡᠷ᠎ᠠ ᠲᠤᠭᠳᠠᠬᠤ ᠦᠢᠯᠡᠴᠢᠯᠡᠭᠡ ᠶᠢᠨ | ᠲᠠᠶᠢᠯᠪᠤᠷᠢᠯᠠᠯᠳᠠ︾ ᠵᠡᠷᠭᠡ ᠤᠬᠠᠭᠤᠯᠭ᠎ᠠ ᠶᠢᠨ ᠲᠡᠪᠳᠠᠷ ᠲᠠᠷᠬᠠᠭᠠᠵᠠᠢ᠃ ᠬᠢᠴᠢᠶᠡᠯ ᠤᠨ ᠲᠠᠷᠠᠭ᠎ᠠ ᠠᠯᠪᠠᠨ ᠵᠢᠷᠤᠮ ᠤᠨ | ᠡᠮᠴᠢᠯᠡᠭᠡ ᠶᠢᠨ ᠠᠵᠢᠯᠯᠠᠭ᠎ᠠ ᠦᠷᠨᠢᠬᠦᠯᠤᠨ᠂ ᠵᠠᠢ ᠢᠥᠢ ᠡᠮᠴᠢ ᠠᠴᠠ ᠲᠤᠬᠠᠢ ᠶᠢᠨ ᠲᠠᠯᠠᠪᠠᠢ ᠳᠤ ᠰᠤᠳᠠᠯ ᠪᠠᠷᠢᠵᠤ | ᠰᠠᠭᠤᠭᠠᠯᠢ ᠠᠷᠠᠳ ᠤᠨ ᠤᠷᠤᠰᠢᠵᠤ ᠪᠠᠶᠢᠭ᠎ᠠ ᠡᠷᠡᠬᠦᠯ ᠬᠠᠮᠠᠭᠠᠯᠠᠯ ᠤᠨ ᠠᠰᠠᠭᠤᠳᠠᠯ ᠢ ᠨᠢ ᠤᠶᠢᠯᠠᠭᠠᠬᠤ ᠶᠢᠨ ᠬᠠᠮᠳᠤ | ᠰᠶᠢᠳᠪᠤᠷᠢᠯᠡᠬᠦ ᠠᠷᠭ᠎ᠠ ᠠᠪᠴᠠᠯ ᠢ ᠬᠡᠯᠡᠵᠤ ᠦᠭᠬᠦᠯ᠎ᠠ᠃ | ᠲᠤᠰ ᠤᠳᠠᠭᠠᠨ ᠤ ᠠᠵᠢᠯᠯᠠᠭᠠᠨ ᠢᠶᠠᠷ ᠲᠠᠮᠵᠢᠨ᠂ ᠡᠮᠡᠭᠳᠡᠶᠢᠴᠤᠳ ᠤᠨ ᠡᠷᠡᠬᠦᠯ ᠬᠠᠮᠠᠭᠠᠯᠠᠯ ᠪᠡᠶ᠎ᠠ | ᠰᠤᠪᠢᠯᠠᠬᠤ ᠬᠢᠷᠢ ᠲᠦᠪᠰᠢᠨ ᠢ ᠪᠦᠳᠤᠮᠵᠢᠳᠠᠢ ᠲᠡᠭᠡᠭᠰᠢᠯᠡᠬᠦᠯᠵᠤ᠂ ᠤᠯᠠᠨ ᠲᠦᠮᠡᠨ ᠤ ᠡᠷᠡᠬᠦᠯ ᠴᠢᠬᠢᠷᠠᠭ ᠰᠢᠨᠵᠢᠯᠡᠬᠦ | ᠤᠬᠠᠭᠠᠨᠴᠢ ᠠᠮᠢᠳᠤᠷᠠᠯ ᠤᠨ ᠲᠠᠨᠢᠯᠳᠠ ᠶᠢ ᠪᠤᠢ ᠪᠤᠯᠭᠠᠵᠠᠢ᠃ |