| ᠲᠦᠷᠦᠬᠦᠭᠡᠨ᠂ ᠪᠥᠬᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ︽3 · 8︾ ᠤ ᠳᠡᠯᠡᠬᠡᠶ ᠶᠢᠨ | ᠬᠦᠳᠡᠯᠮᠤᠷᠢᠴᠢᠨ ᠡᠮᠡᠭᠲᠡᠶᠢᠴᠦᠳ ᠤᠨ ᠪᠠᠶᠠᠷ ᠢ ᠳᠤᠷᠠᠰᠬᠠᠬᠤ ᠵᠢᠴᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ | ᠪᠡᠭᠡᠵᠢᠩ ᠳᠤ ᠬᠤᠷᠠᠯᠳᠤᠵᠤ᠂ 2024 ᠣᠨ ᠤ ᠪᠥᠬᠦ ᠤᠯᠤᠰ ᠤᠨ ︽3 · 8︾ ᠤ ᠤᠯᠠᠭᠠᠨ ᠲᠤᠭᠴᠢ᠂ ᠪᠥᠬᠦ | ᠤᠯᠤᠰ ᠤᠨ ︽3 · 8︾ ᠤ ᠤᠯᠠᠭᠠᠨ ᠲᠤᠭᠴᠢ ᠬᠠᠮᠲᠤ ᠨᠡᠶᠢᠲᠡ᠂ ᠪᠥᠬᠦ ᠤᠯᠤᠰ ᠤᠨ ᠡᠮᠡᠭᠲᠡᠶᠢᠴᠦᠳ ᠤᠨ | ᠪᠣᠯᠪᠠᠰᠤᠨ ᠠᠵᠢᠯ ᠤᠨ ᠪᠠᠶᠢᠷᠢ ᠶᠢ ᠬᠥᠬᠢᠭᠦᠯᠦᠨ ᠰᠠᠶᠢᠰᠢᠶᠠᠪᠠ᠃ ᠡᠬᠦᠨ ᠳᠤ᠂ ᠥᠪᠥᠷ ᠮᠣᠩᠭᠤᠯ ᠤᠨ ᠡᠨᠧᠷᠭᠢ ᠪᠠᠷ | ᠴᠠᠬᠢᠯᠭᠠᠨ ᠭᠠᠷᠭᠠᠬᠤ ᠬᠢᠩᠭᠠᠨ ᠢᠯᠴᠢ ᠴᠠᠬᠢᠯᠭᠠᠨ ᠤ ᠬᠢᠵᠠᠭᠠᠷᠲᠤ ᠺᠣᠮᠫᠠᠨᠢ ᠶᠢᠨ ᠠᠵᠢᠯᠯᠠᠭᠠᠨ ᠤ ᠬᠡᠯᠲᠡᠰ ᠤᠨ | ᠬᠢᠮᠢ ᠶᠢᠨ ᠳᠠᠰᠤᠬ ︽ᠪᠥᠬᠦ ᠤᠯᠤᠰ ᠤᠨ ︿3 · 8﹀ ᠤ ᠤᠯᠠᠭᠠᠨ ᠲᠤᠭᠴᠢ ᠬᠠᠮᠲᠤ ᠨᠡᠶᠢᠲᠡ︾᠂ ᠳᠤᠮᠳᠠᠳᠤ | ᠤᠯᠤᠰ ᠤᠨ ᠲᠠᠷᠢᠶᠠᠯᠠᠩ ᠤᠨ ᠪᠠᠩᠬᠢ ᠶᠢᠨ ᠤᠯᠠᠭᠠᠨᠬᠤᠲᠠ ᠳᠠᠬᠢ ᠬᠢᠩᠭᠠᠨ ᠰᠠᠯᠪᠤᠷᠢ ᠪᠠᠩᠬᠢ ᠶᠢᠨ ᠡᠵᠡᠩᠨᠡᠯᠲᠡ ᠶᠢᠨ | ᠲᠠᠰᠤᠭ ︽ᠪᠥᠬᠦ ᠤᠯᠤᠰ ᠤᠨ ᠡᠮᠡᠭᠲᠡᠶᠢᠴᠦᠳ ᠤᠨ ᠪᠣᠯᠪᠠᠰᠤᠨ ᠠᠵᠢᠯ ᠤᠨ ᠪᠠᠶᠢᠷᠢ︾ ᠶᠢᠨ ᠢᠷᠠᠭᠤ ᠠᠯᠳᠠᠷ ᠤᠨ | ᠴᠣᠯᠠ ᠭᠥᠷᠳᠡᠪᠡ᠃ | ᠢᠯᠴᠢ ᠴᠠᠬᠢᠯᠭᠠᠨ ᠤ ᠠᠮᠤᠷ ᠲᠦᠪᠰᠢᠨ ᠢ ᠪᠠᠲᠤᠯᠠᠬᠤ ᠭᠤᠣᠯ ᠬᠦᠴᠦᠨ ᠪᠣᠯᠤᠭᠰᠠᠨ ᠥᠪᠥᠷ ᠮᠣᠩᠭᠤᠯ ᠤᠨ | ᠡᠨᠧᠷᠭᠢ ᠪᠠᠷ ᠴᠠᠬᠢᠯᠭᠠᠨ ᠭᠠᠷᠭᠠᠬᠤ ᠬᠢᠩᠭᠠᠨ ᠢᠯᠴᠢ ᠴᠠᠬᠢᠯᠭᠠᠨ ᠤ ᠬᠢᠵᠠᠭᠠᠷᠲᠤ ᠺᠣᠮᠫᠠᠨᠢ ᠶᠢᠨ ᠡᠵᠡᠩᠨᠡᠯᠳᠡ ᠶᠢᠨ | ᠬᠡᠯᠲᠡᠰ ᠤᠨ ᠬᠢᠮᠢ ᠶᠢᠨ ᠠᠵᠢᠯ ᠤᠨ ᠳᠠᠰᠤᠬ ᠤᠨ 14 ᠡᠮᠡᠭᠲᠡᠢ ᠠᠵᠢᠯᠳᠠᠨ᠂ ᠠᠵᠢᠯ ᠤᠨ ᠪᠠᠶᠢᠷᠢ ᠳᠠᠭᠠᠨ | ᠰᠠᠭᠤᠷᠢᠯᠠᠵᠦ᠂ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠭᠠᠷᠮᠠᠭᠠᠶᠢᠯᠠᠵᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃ ᠡᠨᠡᠬᠦ | ︽ᠡᠮᠡᠭᠲᠡᠶᠢᠴᠦᠳ ᠤᠨ ᠲᠡᠮᠦᠷ ᠴᠡᠷᠢᠭ︾ ᠤᠷᠢᠤᠨ ᠬᠤᠵᠢᠤᠨ ᠮᠡᠷᠭᠡᠵᠢᠯ ᠤᠨ ᠰᠢᠨ᠎ᠡ ᠶᠢ ᠨᠡᠶᠢᠲᠡ 20 ᠭᠠᠷᠤᠶ | ᠵᠦᠢᠯ ᠡᠭᠦᠳᠴᠦ᠂ ᠤᠳᠠᠭ᠎ᠠ ᠳᠠᠷᠠᠭᠠᠯᠠᠨ ᠲᠤᠷᠰᠢᠯᠲᠠ ᠶᠢᠨ ᠬᠢᠨᠠᠨ ᠰᠢᠯᠭᠠᠯᠳᠠ ᠶᠢᠨ ᠬᠦᠴᠢᠷ ᠠᠰᠠᠭᠤᠳᠠᠯ ᠢ | ᠰᠢᠢᠳᠪᠦᠷᠢᠯᠡᠵᠦ᠂ ᠪᠥᠬᠦ ᠤᠯᠤᠰ ᠤᠨ CMA ᠶᠠᠰᠤ ᠴᠢᠨᠠᠷ ᠤᠨ ᠭᠡᠷᠡᠴᠢᠯᠡᠯ ᠢ ᠣᠯᠵᠤ᠂ ᠨᠡᠭᠦᠷᠡᠰᠦ ᠤᠰᠤᠨ ᠤ | ᠲᠥᠬᠦᠭᠡᠷᠦᠮᠵᠢ ᠶᠢ ᠥᠭᠡᠷᠡᠴᠢᠯᠡᠬᠦ ᠪᠠᠷ ᠳᠠᠮᠵᠢᠭᠤᠯᠤᠨ ᠵᠢᠯ ᠳᠤ 5000 ᠲᠣᠨ ᠬᠠᠶᠠᠭᠳᠠᠮᠠᠯ ᠤᠰᠤ ᠶᠢ ᠡᠭᠡᠭᠦᠯᠦᠨ | ᠬᠤᠷᠢᠶᠠᠵᠤ᠂ ᠳᠠᠪᠤᠰᠤᠨ ᠬᠦᠴᠢᠯ ᠪᠠ ᠰᠢᠩᠭᠡᠨ ᠱᠦᠯᠲᠦ ᠶᠢᠨ ᠬᠡᠷᠡᠭᠯᠡᠬᠦ ᠬᠡᠮᠵᠢᠶ᠎ᠡ ᠶᠢ ᠪᠠᠭᠤᠷᠠᠭᠤᠯᠬᠤ ᠪᠠᠷ ᠪᠡᠯᠬᠡ | ᠲᠡᠮᠳᠡᠭ ᠪᠤᠯᠭᠠᠭᠰᠠᠨ ︽ᠭᠤᠷᠪᠠ ᠶᠢ ᠪᠦᠷᠢᠯᠭᠡᠬᠦ ᠦᠭᠡᠢ︾ ᠶᠢ ᠪᠡᠶᠡᠯᠡᠭᠦᠯᠵᠦ᠂ 11 ᠵᠢᠯ ᠳᠤ ᠡ᠊ᠨᠳᠡᠯ ᠡᠰᠡ | ᠭᠠᠷᠤᠭᠰᠠᠨ ᠠᠵᠢᠯ ᠲᠥᠷᠥᠯ ᠤᠨ ᠲᠡᠮᠳᠡᠭᠯᠡᠯ ᠢ ᠡᠭᠦᠳᠪᠡ᠃ ᠲᠡᠳᠡ ᠪᠣᠬᠢᠷᠲᠤᠯ ᠦᠭᠡᠢ ᠬᠥᠭᠵᠢᠯᠲᠡ ᠶᠢᠨ | ᠣᠶᠢᠯᠠᠭᠠᠭᠳᠠᠬᠤᠨ ᠢ ᠦᠢᠯᠡᠳᠪᠦᠷᠢᠯᠡᠯ ᠤᠨ ᠦᠢᠯᠡᠳᠦᠯᠭᠡ ᠳᠡᠭᠡᠨ ᠠᠭᠤᠰᠤᠯᠴᠠᠭᠤᠯᠵᠤ᠂ ᠵᠢᠯ ᠪᠦᠷᠢ ᠳᠤᠮᠳᠠᠴᠢ ᠪᠠᠷ | 20 ᠵᠦᠢᠯ ᠤᠨ ᠮᠡᠷᠭᠡᠵᠢᠯ ᠤᠨ ᠪᠠᠶᠢᠴᠠᠭᠠᠯᠲᠠ ᠶᠢ ᠪᠡᠶ᠎ᠡ ᠪᠠᠨ ᠳᠠᠭᠠᠭᠠᠵᠤ ᠪᠡᠶᠡᠯᠡᠭᠦᠯᠵᠦ᠂ ᠲᠤᠨᠤᠭ ᠲᠥᠬᠦᠭᠡᠷᠦᠮᠵᠢ ᠶᠢ | 20 ᠭᠠᠷᠤᠢ ᠤᠳᠠᠭ᠎ᠠ ᠰᠡᠯᠪᠢᠨ ᠵᠠᠰᠠᠵᠤ᠂ ᠥᠪᠡᠷ ᠤᠨ ᠦᠷᠳᠡᠭ ᠢ 30 ᠲᠦᠮᠡᠨ ᠲᠥᠭᠦᠷᠢᠭ ᠠᠷᠪᠢᠯᠠᠬᠰᠠᠨ | ᠮᠦᠷᠳᠡᠭᠡᠨ ᠨᠡᠩ ᠴᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠠᠷ | ᠳᠠᠮᠵᠢᠭᠤᠯᠤᠨ ᠠᠮᠢ ᠠᠬᠤᠢ ᠶᠢᠨ ᠪᠣᠯᠪᠠᠰᠤᠨ ᠤ ᠤᠢᠢᠯᠠᠭᠠᠭᠳᠠᠬᠤᠨ ᠢ ᠤᠯᠠᠮᠵᠢᠯᠠᠵᠤ᠂ ᠠᠵᠢᠯ ᠲᠦᠷᠦᠯ ᠤᠨ | ᠳᠣᠲᠣᠷᠠᠬᠢ ᠡᠨᠧᠷᠭᠢ ᠠᠷᠪᠢᠯᠠᠵᠤ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠡᠪ ᠳᠠᠭᠤᠷᠢᠶᠠᠯ | ᠪᠣᠯᠵᠠᠢ᠃ | ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠤᠯᠠᠭᠠᠨᠬᠤᠲᠠ ᠳᠠᠬᠢ ᠬᠢᠩᠭᠠᠨ ᠰᠠᠯᠪᠤᠷᠢ | ᠪᠠᠩᠬᠢ ᠶᠢᠨ ᠡᠵᠡᠩᠨᠡᠯᠲᠡ ᠶᠢᠨ ᠲᠠᠰᠤᠭ ᠤᠨ ᠡᠮᠡᠭᠲᠡᠶ ᠠᠵᠢᠯᠲᠠᠳ ᠨᠢ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ + | ᠨᠠᠰᠤᠵᠢᠯ ᠳᠤ ᠵᠣᠬᠢᠴᠠᠬᠤ︾ ᠬᠤᠣᠰ ᠵᠠᠮ ᠤᠨ ᠦᠢᠯᠡᠴᠢᠯᠡᠭᠡ ᠶᠢᠨ ᠰᠢᠨ᠎ᠡ ᠶᠢ ᠡᠭᠦᠳᠴᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠡᠯᠪᠡᠷᠢ ᠶᠢᠨ ᠵᠢᠵᠢᠭ ᠠᠵᠤ ᠠᠬᠤᠶᠢᠯᠠᠯ ᠳᠤ 500 ᠲᠦᠮᠡᠨ ᠲᠥᠭᠦᠷᠢᠭ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠢᠭᠡᠯᠡᠯᠭᠡ ᠣᠯᠭᠤᠵᠤ᠂ ᠲᠣᠣᠷ ᠴᠡᠭ ᠤᠨ ᠨᠠᠰᠤᠵᠢᠯ ᠳᠤ | ᠵᠣᠬᠢᠴᠠᠬᠤ ᠥᠭᠡᠷᠡᠴᠢᠯᠡᠯᠲᠡ ᠶᠢ ᠵᠡᠷᠭᠡᠪᠡᠷ ᠪᠡᠶᠡᠯᠡᠭᠦᠯᠵᠦ᠂ ᠨᠠᠰᠤᠲᠠᠶᠢᠴᠤᠳ ᠢ ᠲᠤᠰᠠᠯᠠᠬᠤ ᠦᠢᠯᠡᠴᠢᠯᠡᠭᠡᠨ ᠤ ᠰᠠᠭᠠᠳ | ᠦᠭᠡᠢ ᠨᠡᠪᠲᠡᠷᠡᠬᠦ ᠰᠢᠨ᠎ᠡ ᠵᠠᠮ ᠢ ᠨᠡᠭᠡᠭᠡᠪᠡ᠃ ᠬᠢᠩᠭᠠᠨ ᠠᠳᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠠᠩᠬᠠᠳᠠᠭᠴᠢ | 4300 ᠲᠦᠮᠡᠨ ᠲᠥᠭᠦᠷᠢᠭ ᠤᠨ ᠡᠷᠭᠢᠯᠲᠡᠲᠦ ᠮᠠᠶ᠋ᠢᠬ ᠤᠨ ᠪᠠᠯᠠ ᠮᠥᠩᠭᠦ ᠶᠢᠨ ᠵᠢᠭᠡᠯᠡᠯᠭᠡ ᠶᠢ ᠠᠮᠵᠢᠯᠲᠠ ᠲᠠᠢ | ᠨᠠᠶᠢᠳᠠᠪᠤᠷᠢᠵᠢᠭᠤᠯᠵᠤ᠂ ᠪᠠᠶᠢᠯᠳᠤᠬᠤ ᠪᠣᠳᠣᠯᠭ᠎ᠠ ᠶᠢᠨ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠥᠷᠥᠯ | ᠵᠦᠢᠯ ᠤᠨ ᠵᠢᠭᠡᠯᠡᠯᠭᠡ ᠶᠢ 19.4 ᠳ᠋ᠦᠩᠰᠢᠭᠤᠷ ᠲᠥᠭᠦᠷᠢᠭ ᠤᠯᠭᠤᠪᠠ᠃ ᠬᠢᠩᠭᠠᠨ ᠠᠶᠢᠮᠠᠭ ᠤᠨ ᠠᠷᠠᠳ ᠤᠨ | ᠡᠮᠨᠡᠯᠭᠡ ᠶᠢᠨ ᠬᠤᠷᠢᠶᠠᠨ ᠤ ᠠᠵᠤ ᠠᠬᠤᠶᠢᠯᠠᠯ ᠤᠨ ᠣᠨ ᠤ ᠮᠥᠩᠭᠦ ᠶᠢ ᠨᠠᠶᠢᠳᠠᠨ ᠬᠠᠮᠢᠶᠠᠷᠤᠭᠤᠯᠬᠤ ᠲᠤᠬᠠᠶᠢᠯᠠᠭᠰᠠᠨ | ᠠᠵᠢᠯ ᠤᠨ ᠡᠬᠦᠷᠬᠡ ᠶᠢ ᠳᠠᠭᠠᠭᠠᠴᠢᠯᠠᠨ ᠪᠡᠶᠡᠯᠡᠬᠦᠯᠵᠦ᠂ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡᠨ ᠤ | ᠦᠢᠯᠡᠴᠢᠯᠡᠭᠡ ᠶᠢ ᠲᠠᠰ ᠳᠡᠪᠰᠢᠭᠦᠯᠬᠦ ᠶᠢ ᠠᠬᠢᠭᠤᠯᠪᠠ᠃ ᠡᠨᠡᠬᠦ ︽ᠮᠥᠩᠭᠦᠨ ᠭᠦᠢᠯᠭᠡᠭᠡᠨ ᠤ ᠡᠮᠡᠭᠲᠡᠶ ᠴᠡᠷᠢᠭ︾ ᠨᠢ | ︽ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ︾ ᠶᠢ ᠵᠣᠬᠢᠶᠠᠨ ᠪᠠᠶᠢᠭᠤᠯᠵᠤ᠂ ᠪᠥᠬᠦ ᠵᠢᠯ ᠳᠤ | ᠮᠥᠩᠭᠦᠨ ᠭᠦᠢᠯᠭᠡᠭᠡᠨ ᠤ ᠤᠬᠠᠭᠤᠯᠤᠨ ᠲᠠᠶᠢᠯᠪᠤᠷᠢᠯᠠᠬᠤ ᠠᠵᠢᠯ ᠢ 10 ᠭᠠᠷᠤᠶ ᠤᠳᠠᠭ᠎ᠠ ᠥᠷᠨᠢᠭᠦᠯᠵᠦ᠂ ᠡᠷᠬᠢᠨ | ᠲᠣᠭᠤᠷᠢᠨ ᠤ ᠬᠤᠳᠠᠯᠳᠤᠭᠠᠴᠢᠨ ᠡᠷᠦᠬᠡ ᠵᠢᠴᠢ ᠮᠠᠯᠴᠢᠨ ᠲᠠᠷᠢᠶᠠᠴᠢᠨ 3000 ᠭᠠᠷᠤᠶ ᠬᠥᠮᠦᠨ ︵ᠤᠳᠠᠭ᠎ᠠ︶ ᠢ | ᠬᠠᠮᠤᠷᠴᠤ᠂ ᠦᠢᠯᠡᠰ ᠴᠣᠭᠴᠠᠯᠠᠭᠰᠠᠨ 1000 ᠭᠠᠷᠤᠶ ᠡᠮᠡᠭᠲᠡᠶᠢᠴᠦᠳ ᠲᠤ 1 ᠳ᠋ᠦᠩᠰᠢᠭᠤᠷ ᠲᠥᠭᠦᠷᠢᠭ ᠤᠨ | ᠵᠢᠭᠡᠯᠡᠯᠭᠡ ᠲᠠᠯᠪᠢᠪᠠ᠃ 2024 ᠣᠨ ᠳᠤ᠂ ᠲᠣᠰ ᠲᠣᠤᠷ ᠴᠡᠭ ᠨᠢ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ | ᠮᠦᠡᠭᠬᠦ ᠶᠢᠨ ᠬᠤᠤᠰ ᠨᠡᠮᠡᠭᠳᠡᠯ ᠢ ᠪᠡᠶᠡᠯᠡᠭᠦᠯᠵᠦ᠂ ᠪᠥᠬᠦ ᠠᠶᠢᠮᠠᠭ ᠤᠨ ᠲᠠᠷᠢᠶᠠᠯᠠᠩ ᠤᠨ ᠪᠠᠩᠬᠢ ᠶᠢᠨ ᠰᠢᠰᠲ᠋ᠧᠮ ᠤᠨ | ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠪᠤᠳᠠᠳᠤ ᠠᠵᠢᠯᠯᠠᠭ᠎ᠠ ᠪᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠮᠥᠩᠭᠦᠨ ᠭᠦᠢᠯᠭᠡᠭᠡᠨ ᠤ ᠬᠥᠳᠡᠯᠭᠡᠬᠦ ᠬᠦᠴᠦᠨ ᠨᠡᠮᠡᠷᠢᠯᠡᠪᠡ᠃ ︵ᡁᠢ ᠮᠢᠨ ᠯᠢᠤᠢ ᠫᠢᠡᠭ ᠵᠢᠶᠦ᠋ᠨ︶ | | | | | | |