ᠬᠢᠩᠭᠠᠨ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠦᠨᠳᠦᠰᠤᠨ ᠱᠠᠳᠤᠨ ᠳᠤ ᠠᠯᠪᠠᠨ ᠵᠢᠷᠤᠮ ᠤᠨ ᠡᠮᠴᠢᠯᠡᠭᠡᠨ ᠬᠦᠷᠭᠡᠪᠡ
ᠨᠡᠶᠢᠲᠡᠯᠡᠭᠰᠡᠨ ᠴᠠᠭ᠄
2025/3/12
        ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤᠨ ᠳᠤ ᠪᠠᠭᠤᠯᠭᠠᠬᠤ ᠶᠢ ᠦᠨᠡᠨ ᠬᠦ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠡᠷᠡᠭᠦᠯ ᠮᠡᠨᠳᠦ ᠶᠢᠨ ᠪᠠᠲᠤᠯᠠᠭ᠎ᠠ ᠬᠠᠨᠭ᠍ᠭᠠᠬᠤ ᠪᠠᠷ᠂ ᠬᠢᠩᠭᠠᠨ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠮᠣᠩᠭᠤᠯ ᠡᠮᠨᠡᠯᠭᠡ ᠶᠢᠨ ᠰᠠᠯᠠᠭ᠎ᠠ᠂ ᠶᠠᠰᠤᠨ ᠤ ᠰᠠᠯᠠᠭ᠎ᠠ᠂ ᠡᠷᠡᠭᠦᠯᠵᠢᠯ ᠤᠨ ᠰᠠᠯᠠᠭ᠎ᠠ ᠵᠡᠷᠭᠡ ᠶᠢᠨ 11 ᠲᠤᠰᠬᠠᠶ ᠮᠡᠷᠭᠡᠵᠢᠯᠲᠡᠨ ᠪᠡ ᠰᠤᠪᠢᠯᠠᠯᠲᠠ ᠶᠢᠨ ᠪᠦᠯᠬᠦᠮ ᠢ ᠵᠣᠬᠢᠶᠠᠨ ᠪᠠᠶᠢᠭᠤᠯᠵᠤ᠂ ᠲᠡᠷᠢᠭᠦᠨ ᠤ ᠡᠮᠴᠢᠯᠡᠭᠡᠨ ᠤ ᠳᠤᠨᠤᠬ ᠲᠥᠬᠦᠭᠡᠷᠦᠮᠵᠢ ᠪᠠᠨ ᠠᠪᠴᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳ᠋ᠠᠱᠢᠵᠠᠶ ᠪᠠᠯᠭᠠᠰᠤᠨ ᠤ ᠪᠦᠦ ᠰᠢᠩ ᠲᠣᠰᠬᠤᠨ ᠳᠤ ᠬᠦᠷᠴᠦ᠂ ᠲᠤᠬᠠᠶ ᠶᠢᠨ ᠭᠠᠵᠠᠷ ᠤᠨ ᠠᠷᠠᠳ ᠲᠤ ᠡᠷᠡᠬᠦᠯ ᠮᠡᠨᠳᠦ ᠶᠢᠨ ᠦᠢᠯᠡᠴᠢᠯᠡᠭᠡ ᠬᠦᠷᠭᠡᠪᠡ᠃        ᠡᠮᠴᠢᠯᠡᠭᠡᠨ ᠤ ᠪᠦᠯᠬᠦᠮ ᠤᠨ ᠣᠯᠠᠨ ᠡᠮᠴᠢᠯᠡᠭᠡᠨ ᠤ ᠰᠠᠯᠠᠭ᠎ᠠ ᠬᠤᠯᠪᠣᠭᠠᠯᠠᠨ ᠬᠥᠳᠡᠯᠦᠯᠴᠡᠵᠦ᠂ ᠣᠶᠤᠨᠴᠢ ᠡᠮᠴᠢᠯᠡᠭᠡ ᠶᠢ ᠰᠠᠭᠤᠭᠠᠯᠢ ᠠᠷᠠᠳ ᠤᠨ ︽ᠭᠡᠷ ᠤᠨ ᠡᠬᠦᠳᠡᠨ︾ ᠳᠤ ᠬᠦᠷᠭᠡᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠲᠤᠰᠬᠠᠢ ᠮᠡᠷᠭᠡᠵᠢᠯᠲᠡᠳ ᠠᠰᠠᠭᠤᠨ ᠯᠠᠪᠯᠠᠬᠤ᠂ ᠪᠡᠶ᠎ᠡ ᠶᠢᠨ ᠪᠠᠶᠢᠴᠠᠭᠠᠯᠳᠠ ᠬᠢᠬᠦ᠂ ᠹᠢᠽᠢᠺ ᠤᠨ ᠵᠠᠰᠠᠯ ᠵᠡᠷᠭᠡ ᠠᠷᠭ᠎ᠠ ᠬᠡᠯᠪᠡᠷᠢ ᠪᠠᠷ ᠲᠣᠰᠬᠤᠨ ᠤ ᠠᠷᠠᠳ ᠲᠤ ᠬᠠᠨᠳᠤᠯᠭᠠᠲᠤ ᠴᠢᠨᠠᠷᠲᠠᠢ ᠣᠨᠣᠰᠢᠯᠠᠨ ᠡᠮᠴᠢᠯᠡᠬᠦ ᠦᠢᠯᠡᠴᠢᠯᠡᠭᠡ ᠬᠠᠩᠭᠠᠬᠤ ᠶᠢᠨ ᠬᠠᠮᠲᠤ ᠲᠠᠷᠢᠬᠢᠨ ᠤ ᠰᠠ ᠡᠪᠡᠳᠴᠢᠨ᠂ ᠵᠢᠷᠦᠬᠡ ᠴᠢᠰᠤᠨ ᠰᠤᠳᠠᠯ ᠤᠨ ᠡᠪᠡᠳᠴᠢᠨ ᠪᠠ ᠦᠶ᠎ᠡ ᠭᠡᠰᠢᠭᠦᠦ ᠡᠪᠡᠳᠬᠦ ᠵᠡᠷᠭᠡ ᠪᠠᠶᠢᠩᠭᠤ ᠲᠣᠬᠢᠶᠠᠯᠳᠤᠳᠠᠭ ᠡᠪᠡᠳᠴᠢᠨ ᠳᠤ ᠴᠢᠭᠯᠡᠭᠦᠯᠦᠨ ᠡᠷᠡᠭᠦᠯ ᠮᠡᠨᠳᠦ ᠶᠢᠨ ᠤᠬᠠᠭᠤᠯᠭ᠎ᠠ ᠬᠢᠪᠡ᠃ ᠰᠢᠭᠰᠢᠨ ᠪᠠᠶᠢᠴᠠᠭᠠᠬᠤ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ ᠳᠤᠰ ᠪᠦᠯᠬᠦᠮ ᠪᠠᠰᠠ ᠲᠡᠷᠭᠡᠨ ᠳᠡᠭᠡᠷᠡᠬᠢ ᠲᠣᠯᠣᠭᠠᠢ ᠶᠢᠨ ᠭᠡᠰᠡᠭ ᠤᠨ CT᠂ ᠬᠡᠳᠦ ᠳᠠᠭᠤᠨ ᠤ ᠬᠡᠮᠵᠢᠭᠦᠷ ᠵᠢᠴᠢ ᠵᠢᠷᠦᠬᠡᠨ ᠤ ᠴᠠᠬᠢᠯᠭᠠᠨ ᠵᠢᠷᠤᠭ ᠤᠨ ᠲᠥᠬᠦᠭᠡᠷᠦᠮᠵᠢ ᠪᠠᠨ ᠠᠰᠢᠭᠯᠠᠵᠦ᠂ ᠵᠠᠭᠤ ᠰᠢᠬᠠᠮ ᠲᠣᠰᠬᠤᠨ ᠤ ᠠᠷᠠᠳ ᠲᠤ ᠰᠦᠢᠳᠭᠡᠯ ᠬᠤᠷᠢᠶᠠᠬᠤ ᠦᠭᠡᠢ ᠪᠠᠷ ᠪᠠᠶᠢᠴᠠᠭᠠᠯᠳᠠ ᠬᠢᠵᠦ ᠦᠭᠬᠦᠭᠰᠡᠨ ᠪᠠᠶᠢᠨ᠎ᠠ᠃ ︽ᠡᠩ ᠤᠨ ᠦᠶ᠎ᠡ ᠳᠤ ᠬᠤᠲᠠ ᠳᠤ ᠣᠴᠢᠵᠤ CT ᠶᠢᠨ ᠪᠠᠶᠢᠴᠠᠭᠠᠯᠲᠠ ᠬᠢᠬᠦ ᠨᠢ ᠪᠦᠬᠦᠯᠢ ᠨᠢᠭᠡ ᠡᠳᠦᠷ ᠤᠨ ᠴᠠᠬ ᠭᠡᠷᠡᠭᠰᠡᠨ᠎ᠠ᠂ ᠥᠨᠥᠳᠥᠷ ᠲᠤᠰᠬᠠᠢ ᠮᠡᠷᠭᠡᠵᠢᠯᠲᠡᠨ ᠲᠤᠨᠤᠭ ᠲᠦᠬᠦᠬᠡᠷᠦᠮᠵᠢ ᠪᠠᠨ ᠰᠢᠭᠤᠳ ᠲᠣᠰᠬᠤᠨ ᠳᠤ ᠠᠪᠴᠢᠷᠠᠵᠦ᠂ ᠰᠦᠢᠳᠭᠡᠯ ᠬᠤᠷᠢᠶᠠᠬᠤ ᠦᠭᠡᠢ ᠪᠠᠷ ᠪᠠᠶᠢᠴᠠᠭᠠᠯᠳᠠ ᠬᠢᠵᠦ ᠦᠭᠬᠦᠯ᠎ᠠ︾ ᠭᠡᠵᠦ ᠨᠢᠭᠡᠨ ᠳᠤᠰᠬᠤᠨ ᠤ ᠠᠷᠠᠳ ᠶᠠᠷᠢᠵᠦ ᠪᠠᠶᠢᠯ᠎ᠠ᠃        ᠮᠣᠩᠭᠤᠯ ᠡᠮᠨᠡᠯᠭᠡ ᠶᠢᠨ ᠰᠠᠯᠠᠭᠠᠨ ᠤ ᠲᠤᠰᠬᠠᠶ ᠮᠡᠷᠭᠡᠵᠢᠯᠲᠡᠨ ᠤᠯᠠᠮᠵᠢᠯᠠᠯᠲᠤ ᠮᠣᠩᠭᠤᠯ ᠡᠮᠨᠡᠯᠭᠡ ᠶᠢᠨ ᠵᠠᠰᠠᠯ ᠢᠶᠠᠷ ᠤᠳᠠᠭᠠᠨ ᠴᠢᠨᠠᠷᠲᠠᠶ ᠡᠪᠡᠳᠴᠢᠲᠡᠨ ᠤ ᠡᠪᠡᠳᠴᠢᠨ ᠡᠮᠭᠡᠭ ᠢ ᠨᠠᠮᠳᠠᠭᠤᠯᠵᠦ ᠦᠭᠬᠦ᠂ ᠡᠷᠡᠬᠦᠯᠵᠢᠯ ᠤᠨ ᠰᠠᠯᠠᠭ᠎ᠠ ᠶᠢᠨ ᠳᠤᠰᠬᠠᠢ ᠮᠡᠷᠭᠡᠵᠢᠯᠳᠡᠨ ᠬᠦᠵᠦᠭᠦᠦ ᠨᠢᠷᠤᠭᠤ ᠡᠪᠡᠳᠬᠦ ᠶᠢ ᠨᠠᠮᠳᠠᠭᠤᠯᠬᠤ ᠡᠷᠡᠬᠦᠯᠵᠢᠯ ᠰᠤᠪᠢᠯᠠᠯᠳᠠ ᠶᠢᠨ ᠠᠷᠭ᠎ᠠ ᠶᠢ ᠤᠯᠠᠮᠵᠢᠯᠠᠬᠤ ᠭᠡᠬᠦ ᠮᠡᠳᠦ ᠪᠠᠷ ᠬᠠᠮᠢᠶ᠎ᠠ ᠪᠦᠬᠦᠢ ᠰᠠᠯᠠᠭ᠎ᠠ ᠳᠠᠰᠤᠬ ᠤᠨ ᠬᠢᠨ ᠡᠪᠡᠳᠴᠢᠨ ᠦᠵᠡᠵᠦ ᠤᠨᠤᠰᠢᠯᠠᠬᠤ ᠵᠠᠭᠤᠷ᠎ᠠ ᠡᠯ᠎ᠠ ᠲᠦᠷᠦᠯ ᠤᠨ ᠡᠪᠡᠳᠴᠢᠨ ᠢ ᠰᠡᠷᠭᠡᠶᠢᠯᠡᠬᠦ ᠮᠡᠳᠡᠯᠭᠡ ᠶᠢ ᠤᠬᠠᠭᠤᠯᠤᠨ ᠲᠠᠶᠢᠯᠪᠦᠷᠢᠯᠡᠪᠡ᠃        ᠡᠮᠴᠢᠯᠡᠭᠡᠨ ᠤ ᠡᠬᠢ ᠪᠠᠶᠠᠯᠢᠭ ᠢ ᠬᠦᠳᠡᠭᠡ ᠲᠤᠰᠬᠤᠨ ᠮᠠᠯᠵᠢᠬᠤ ᠤᠷᠤᠨ ᠳᠤ ᠬᠦᠷᠬᠡᠬᠦ ᠠᠵᠢᠯᠯᠠᠭ᠎ᠠ ᠶᠢ ᠪᠠᠶᠢᠩᠭᠤᠵᠢᠭᠤᠯᠵᠤ᠂ ᠦᠨᠳᠦᠰᠦᠨ ᠱᠠᠲᠤᠨ ᠤ ᠡᠷᠡᠭᠦᠯ ᠮᠡᠨᠳᠦ ᠶᠢᠨ ᠳᠤᠤᠷ ᠢ ᠪᠠᠬᠢᠵᠢᠬᠦᠯᠪᠡ᠃ ︽ᠣᠯᠠᠨ ᠡᠮᠴᠢᠯᠡᠭᠡᠨ ᠤ ᠰᠠᠯᠠᠭᠠᠨ ᠤ ᠬᠠᠮᠲᠤᠷᠠᠭᠰᠠᠨ ᠠᠯᠪᠠᠨ ᠵᠢᠷᠤᠮ ᠤᠨ ᠡᠮᠴᠢᠯᠡᠭᠡ ᠪᠣᠯ ᠡᠮᠨᠡᠯᠭᠡ ᠶᠢᠨ ᠬᠤᠷᠢᠶᠠᠨ ᠤ ︿ᠡᠷᠡᠭᠦᠯ ᠡᠩᠬᠡ ᠬᠢᠩᠭᠠᠨ﹀ ᠤ ᠪᠠᠶᠢᠭᠤᠯᠤᠯᠳᠠ ᠶᠢ ᠠᠬᠢᠭᠤᠯᠬᠤ᠂ ᠴᠢᠨᠠᠷ ᠰᠠᠶᠢᠲᠠᠶ ᠦᠢᠯᠡᠴᠢᠯᠡᠭᠡ ᠶᠢ ᠤᠷᠲᠤᠳᠬᠠᠬᠤ ᠴᠢᠬᠤᠯᠠ ᠠᠷᠭ᠎ᠠ ᠬᠡᠮᠵᠢᠶ᠎ᠡ ᠪᠤᠯᠬᠤ ᠶᠤᠮ᠃ ᠡᠮᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠳᠤᠨ ᠳᠤ ᠬᠦᠷᠬᠡᠬᠦ ᠶᠢ ᠦᠷᠭᠦᠯᠵᠢᠯᠡᠨ ᠠᠬᠢᠭᠤᠯᠵᠤ᠂ ᠠᠯᠪᠠᠨ ᠵᠢᠷᠤᠮ ᠤᠨ ᠡᠮᠴᠢᠯᠡᠭᠡ᠂ ᠠᠯᠤᠰ ᠡᠵᠡᠮᠰᠢᠯᠲᠦ ᠬᠠᠮᠲᠤᠷᠠᠭᠰᠠᠨ ᠣᠨᠣᠰᠢᠯᠠᠯᠲᠠ ᠪᠠ ᠦᠨᠳᠦᠰᠦᠨ ᠱᠠᠲᠤᠨ ᠤ ᠪᠣᠯᠪᠠᠰᠤᠷᠠᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠨᠳᠦᠰᠦᠨ ᠱᠠᠲᠤᠨ ᠤ ᠣᠨᠣᠰᠢᠯᠠᠨ ᠡᠮᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠳᠤ ᠬᠦᠴᠦ ᠨᠡᠮᠡᠷᠢᠯᠡᠵᠦ᠂ ᠣᠯᠠᠨ ᠲᠦᠮᠡᠨ ᠳᠤ ᠥᠨᠳᠥᠷ ᠪᠦᠲᠦᠮᠵᠢᠲᠡᠶ᠂ ᠴᠢᠨᠠᠷ ᠰᠠᠶᠢᠲᠠᠶ᠂ ᠬᠠᠯᠠᠭᠤᠨ ᠳᠤᠯᠠᠭᠠᠨ ᠡᠮᠴᠢᠯᠡᠭᠡᠨ ᠤ ᠦᠢᠯᠡᠴᠢᠯᠡᠭᠡ ᠬᠦᠷᠲᠡᠭᠡᠨ᠎ᠡ︾ ᠭᠡᠵᠦ ᠬᠢᠩᠭᠠᠨ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠡᠮᠨᠡᠯᠭᠡ ᠶᠢᠨ ᠶᠠᠪᠤᠳᠠᠯ ᠤᠨ ᠬᠡᠯᠲᠡᠰ ᠤᠨ ᠡᠷᠬᠢᠯᠡᠭᠴᠢ ᠶᠢᠨ ᠶᠢᠨ ᠰᠢᠨ ᠢᠯᠡᠷᠭᠡᠶᠢᠯᠡᠪᠠ᠃ ᡁᠢ ᠮᠢᠨ ᠶᠤᠸᠠᠨ ᠯᠢᠦ ᠮᠡᠳᠡᠭᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号