ᠢᠦᠢ ᠵᠢᠢ ᠱᠦᠨ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠰᠢᠨᠵᠢᠯᠡᠨ ᠪᠠᠶᠢᠴᠠᠭᠠᠵᠠᠢ
ᠨᠡᠶᠢᠲᠡᠯᠡᠭᠰᠡᠨ ᠴᠠᠭ᠄
2025/3/12
        3 ᠰᠠᠷ᠎ᠠ ᠶᠢᠨ 10 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠰᠢᠨᠵᠢᠯᠡᠨ ᠪᠠᠶᠢᠴᠠᠭᠠᠯᠳᠠ ᠬᠢᠬᠦ ᠶᠢᠨ ᠬᠠᠮᠲᠤ ᠶᠠᠷᠢᠯᠴᠠᠬᠤ ᠬᠤᠷᠠᠯ ᠬᠢᠪᠠ᠃        ᠢᠦᠢ ᠵᠢᠢ ᠱᠦᠨ ᠤᠷᠢᠳ ᠬᠤᠵᠢᠳ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠨᠠᠭᠠᠬᠤ ᠤᠬᠠᠭᠠᠨ ᠤ ᠡᠷᠡᠭᠦᠯ ᠮᠡᠨᠳᠦ ᠶᠢᠨ ᠰᠠᠯᠪᠤᠷᠢ᠂ ᠬᠢᠩᠭᠠᠨ ᠪᠢᠴᠢᠭ ᠤᠨ ᠬᠦᠷᠢᠶᠡᠯᠡᠩ᠂ ᠢᠨᠵᠧᠨᠧᠷᠢᠩ ᠤᠨ ᠰᠤᠳᠤᠯᠭᠠᠨ ᠤ ᠲᠥᠪ ᠲᠤ ᠬᠦᠷᠴᠦ᠂ ᠲᠤᠰᠬᠠᠢ ᠮᠡᠷᠭᠡᠵᠢᠯ ᠤᠨ ᠪᠠᠶᠢᠭᠤᠯᠤᠯᠲᠠ᠂ ᠴᠢᠳᠠᠪᠤᠷᠢᠲᠠᠨ ᠤ ᠬᠥᠮᠦᠵᠢᠭᠦᠯᠦᠯ᠂ ᠦᠢᠯᠡᠳᠪᠦᠷᠢᠯᠡᠯ ᠰᠤᠷᠭᠠᠨ ᠬᠥᠮᠦᠵᠢᠯ ᠤᠨ ᠠᠭᠤᠰᠤᠯᠴᠠᠯ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠤᠢᠢᠷ᠎ᠠ ᠶᠢᠨ ᠵᠢᠯ ᠤᠨ ᠲᠤᠷᠰᠢᠬᠢ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠣᠯᠤᠨ ᠬᠥᠭᠵᠢᠯᠲᠡ ᠶᠢᠨ ᠦᠷ᠎ᠡ ᠪᠦᠲᠦᠭᠡᠯ ᠢ ᠭᠦᠢᠴᠡᠳ ᠨᠤᠲᠠᠯᠠᠪᠠ᠃ ᠲᠡᠷᠡ ᠴᠢᠬᠤᠯᠠᠴᠢᠯᠠᠭᠰᠠᠨ ᠨᠢ᠂ ᠲᠣᠰ ᠭᠠᠵᠠᠷ ᠤᠨ ᠲᠠᠷᠢᠶᠠᠯᠠᠩ ᠮᠠᠯ ᠠᠵᠤ ᠠᠬᠤᠶ᠂ ᠰᠢᠨ᠎ᠡ ᠡᠨᠧᠷᠭᠢ᠂ ᠰᠣᠶᠣᠯ ᠵᠢᠭᠤᠯᠴᠢᠯᠠᠯ ᠵᠡᠷᠭᠡ ᠭᠤᠤᠯᠯᠠᠬᠤ ᠠᠵᠤ ᠦᠢᠯᠡᠰ ᠤᠨ ᠲᠣᠭᠤᠷᠢᠨ ᠳᠤ ᠰᠤᠷᠭᠠᠭᠤᠯᠢ ᠶᠢᠨ ᠲᠤᠰᠬᠠᠶ ᠮᠡᠷᠭᠡᠵᠢᠯ ᠪᠣᠯᠤᠨ ᠣᠷᠣᠨ ᠨᠤᠲᠤᠭ ᠤᠨ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ ᠬᠠᠷᠢᠯᠴᠠᠨ ᠤᠶᠠᠯᠳᠤᠭᠤᠯᠵᠤ᠂ ᠨᠠᠩ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠬᠥᠮᠦᠵᠢᠭᠦᠯᠵᠦ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠶ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠵᠡᠷᠭᠡ ᠠᠷᠭ᠎ᠠ ᠵᠠᠮ ᠢᠶᠠᠷ ᠳᠠᠮᠵᠢᠭᠤᠯᠵᠤ᠂ ᠲᠤᠰ ᠭᠠᠵᠠᠷ ᠤᠨ ᠰᠤᠯᠠ ᠪᠠᠶᠢᠭ᠎ᠠ ᠬᠥᠳᠡᠯᠮᠦᠷᠢ ᠬᠦᠴᠦᠨ ᠤ ᠠᠵᠢᠯ ᠤᠯᠭᠤᠬᠤ ᠶᠢ ᠲᠠᠶᠢᠴᠢᠯᠠᠵᠦ᠂ ᠣᠷᠣᠯᠭ᠎ᠠ ᠶᠢ ᠨᠡᠮᠡᠭᠳᠡᠭᠦᠯᠭᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠭᠤᠰᠤᠯᠴᠠᠭᠤᠯᠤᠨ ᠬᠥᠭᠵᠢᠭᠦᠯᠬᠦ ᠶᠢ ᠶᠡᠬᠡᠪᠡᠷ ᠠᠬᠢᠭᠤᠯᠵᠤ᠂ ᠬᠡᠪᠴᠢᠶᠡᠵᠢᠭᠦᠯᠬᠦ᠂ ᠠᠵᠤ ᠦᠢᠯᠡᠰᠵᠢᠭᠦᠯᠬᠦ ᠬᠥᠭᠵᠢᠯᠲᠡ ᠶᠢᠨ ᠰᠡᠳᠭᠢᠴᠡ ᠶᠢ ᠪᠠᠷᠢᠮᠲᠠᠯᠠᠵᠤ᠂ ᠡᠬᠢ ᠪᠠᠶᠠᠯᠢᠭ ᠤᠨ ᠬᠦᠴᠦᠨ ᠢ ᠬᠤᠷᠠᠮᠳᠤᠭᠤᠯᠤᠨ ᠨᠡᠶᠢᠳᠭᠡᠵᠦ᠂ ᠰᠤᠷᠭᠠᠭᠤᠯᠢ ᠡᠷᠬᠢᠯᠡᠬᠦ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠦᠨᠡᠨᠬᠦ ᠪᠦᠬᠦ ᠠᠶᠢᠮᠠᠭ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠰᠢᠨ᠎ᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃        ᠬᠢᠨᠭ᠍ᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠳᠤᠷᠢᠳᠤᠯᠭ᠎ᠠ ᠰᠡᠴᠡᠨᠳᠦ᠋ᠭᠦᠷᠡᠩ᠂ ᠹᠠᠨ ᠶᠦᠩ ᠢ ᠪᠠᠷ᠎ᠠ ᠪᠤᠯᠵᠦ ᠰᠢᠨᠵᠢᠯᠡᠨ ᠪᠠᠶᠢᠴᠠᠭᠠᠬᠤ ᠠᠵᠢᠯᠯᠠᠭ᠎ᠠ ᠳᠤ ᠤᠷᠤᠯᠴᠠᠵᠠᠢ᠃ ︵ᠯᠢ ᠤᠭ᠍ᠶᠦ ᠵᠠᠩ ᠴᠢᠶᠠᠩ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号