| ᠥᠷᠭᠡᠨ ᠣᠯᠠᠨ ᠵᠠᠯᠠᠭᠤᠴᠤᠳ ᠪᠠᠭᠠᠴᠤᠳ ᠢ ᠪᠣᠳᠠᠲᠤ ᠠᠵᠢᠯᠯᠠᠭ᠎ᠠ ᠪᠠᠷ ᠢᠶᠠᠨ ᠤᠰᠤᠨ ᠤ ᠡᠬᠢ ᠪᠠᠶᠠᠯᠢᠭ ᠢ | ᠠᠷᠪᠢᠯᠠᠬᠤ ᠶᠢ ᠤᠯᠠᠮ ᠨᠢᠭᠡ ᠠᠯᠬᠤᠮ ᠤᠷᠢᠶᠠᠯᠠᠬᠤ ᠶᠢᠨ ᠲᠥᠯᠥᠭᠡ᠂ 3 ᠰᠠᠷ᠎ᠠ ᠶᠢᠨ 8 ᠤ ᠡᠳᠦᠷ᠂ ᠡᠪ ᠬᠠᠮᠲᠤ | ᠵᠠᠯᠠᠭᠤᠴᠤᠳ ᠤᠨ ᠡᠪᠯᠡᠯ ᠤᠨ ᠬᠢᠩᠭᠠᠨ ᠠᠶᠢᠮᠠᠭ ᠤᠨ ᠬᠤᠷᠢᠶ᠎ᠠ᠂ ᠤᠯᠠᠭᠠᠨᠬᠤᠲᠠ ᠶᠢᠨ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠡᠪ ᠬᠠᠮᠲᠤ ᠵᠠᠯᠠᠭᠤᠴᠤᠳ ᠤᠨ ᠡᠪᠯᠡᠯ ᠤᠨ | ᠤᠯᠠᠭᠠᠨᠬᠤᠲᠠ ᠶᠢᠨ ᠬᠤᠷᠢᠶ᠎ᠠ᠂ ᠤᠯᠠᠭᠠᠨᠬᠤᠲᠠ ᠶᠢᠨ ᠴᠧᠩ ᠽᠧ ᠤᠰᠤᠨ ᠤ ᠶᠠᠪᠤᠳᠠᠯ ᠤᠨ ᠬᠢᠵᠠᠭᠠᠷᠲᠤ ᠺᠣᠮᠫᠠᠨᠢ᠂ | ᠬᠢᠩᠭᠠᠨ ᠠᠶᠢᠮᠠᠭ ᠤᠨ ᠰᠢᠶᠠᠩ ᠶᠠᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠯᠠᠭᠤ ᠰᠠᠶᠢᠨ ᠳᠤᠷ᠎ᠠ ᠶᠢᠨ | ᠦᠢᠯᠡᠴᠢᠯᠡᠭᠡᠨ ᠤ ᠨᠡᠶᠢᠭᠡᠮᠯᠢᠭ᠂ ᠬᠢᠩᠭᠠᠨ ᠠᠶᠢᠮᠠᠭ ᠤᠨ ᠰᠣᠶᠣᠯ ᠵᠤᠭᠠᠴᠠᠯ ᠬᠡᠤᠬᠡᠳ ᠤᠨ ᠰᠠᠶᠢᠨ ᠳᠤᠷ᠎ᠠ ᠶᠢᠨ | ᠪᠦᠯᠬᠦᠮ ᠵᠡᠷᠭᠡ ᠣᠯᠠᠨ ᠰᠠᠯᠠᠭ᠎ᠠ ᠮᠥᠴᠢᠷ ᠬᠠᠮᠲᠤᠷᠠᠨ ᠥᠷᠨᠢᠭᠦᠯᠦᠭᠰᠡᠨ ︽ᠵᠠᠯᠠᠭᠤ ᠨᠠᠰᠤᠨ ᠳᠠᠭᠠᠨ ᠠᠮᠢ ᠠᠮᠢ ᠶᠢᠨ | ᠡᠬᠢ ᠰᠣᠷᠪᠤᠯᠵᠢ ᠶᠢ ᠰᠠᠬᠢᠨ ᠬᠠᠮᠠᠭᠠᠯᠠᠵᠤ᠂ ᠤᠰᠤ ᠠᠷᠪᠢᠯᠠᠬᠤ ᠠᠵᠢᠯᠯᠠᠭ᠎ᠠ ᠳᠤ ᠭᠠᠷ ᠬᠤᠯᠪᠣᠨ ᠬᠦᠴᠦᠨ ᠨᠡᠮᠡᠷᠢᠯᠡᠬᠦ | ︾ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯ ᠰᠡᠳᠦᠪᠲᠦ ᠠᠵᠢᠯᠯᠠᠭ᠎ᠠ ᠤᠯᠠᠭᠠᠨᠬᠤᠲᠠ ᠳᠤ | ᠠᠮᠵᠢᠯᠲᠠ ᠲᠠᠢ ᠶᠠᠪᠤᠭᠳᠠᠵᠤ᠂ ᠠᠵᠢᠯᠯᠠᠭ᠎ᠠ ᠳᠤ 100 ᠵᠠᠯᠠᠭᠤᠴᠤᠳ ᠪᠠᠭᠠᠴᠤᠳ ᠤᠨ ᠰᠠᠨᠠᠭᠠᠴᠢᠯᠠᠭ᠎ᠠ ᠠᠴᠠ ᠪᠠᠨ | ᠣᠷᠣᠯᠴᠠᠵᠤ᠂ ᠤᠰᠤᠨ ᠤ ᠡᠬᠢ ᠪᠠᠶᠠᠯᠢᠭ ᠢ ᠰᠠᠬᠢᠨ ᠬᠠᠮᠠᠭᠠᠯᠠᠬᠤ᠂ ᠠᠮᠢ ᠠᠬᠤᠶ ᠣᠷᠴᠢᠨ ᠲᠣᠭᠤᠷᠢᠨ ᠢ | ᠰᠠᠶᠢᠵᠢᠷᠠᠭᠤᠯᠬᠤ ᠳᠤ ᠬᠦᠴᠦᠨ ᠴᠢᠳᠠᠯ ᠢᠶᠠᠨ ᠡᠷᠭᠦᠪᠡ᠃ | | | | | ᠠᠵᠢᠯᠯᠠᠭ᠎ᠠ ᠳᠤ᠂ ᠵᠠᠯᠠᠭᠤᠴᠤᠳ ᠪᠠᠭᠠᠴᠤᠳ ᠨᠢᠭᠡᠳᠦᠯᠲᠡᠶ ᠬᠤᠪᠴᠠᠰᠤ ᠡᠮᠦᠰᠴᠦ᠂ ᠲᠤᠭᠤᠷ ᠤᠨ ᠭᠤᠤᠯ | ᠤᠨ ᠬᠥᠪᠡᠭᠡ ᠪᠠᠷ ᠴᠠᠭᠠᠨ ᠬᠤᠭ ᠨᠣᠪᠰᠢ ᠶᠢ ᠲᠡᠭᠦᠬᠦ ᠠᠵᠢᠯᠯᠠᠭ᠎ᠠ ᠥᠷᠨᠢᠭᠦᠯᠪᠡ᠃ ᠤᠯᠠᠨ ᠢᠶᠠᠷ ᠢᠶᠠᠨ ᠪᠤᠬᠢᠷ | ᠪᠣᠷᠲᠠᠭ ᠠᠴᠠ ᠠᠶᠤᠬᠤ ᠦᠭᠡᠢ᠂ ᠶᠠᠳᠠᠷᠠᠬᠤ ᠠᠴᠠ ᠠᠶᠤᠬᠤ ᠦᠭᠡᠢ᠂ ᠭᠤᠣᠯ ᠤᠨ ᠬᠥᠪᠡᠭᠡᠨ ᠤ ᠬᠤᠶᠠᠷ ᠲᠠᠯ᠎ᠠ ᠶᠢᠨ | ᠰᠦᠯᠢᠶᠣᠣ ᠯᠣᠩᠬᠤ᠂ ᠤᠭᠤᠲᠠ ᠵᠡᠷᠭᠡ ᠬᠤᠭ ᠨᠣᠪᠰᠢ ᠶᠢ ᠨᠠᠷᠢᠨ ᠬᠢᠨᠠᠮᠠᠭᠠᠢ ᠴᠡᠪᠡᠷᠯᠡᠵᠦ᠂ ᠪᠣᠳᠠᠲᠤ | ᠠᠵᠢᠯᠯᠠᠭ᠎ᠠ ᠪᠠᠷ ᠢᠶᠠᠨ ᠡᠵᠢ ᠭᠤᠣᠯ ᠢᠶᠠᠨ ᠰᠠᠬᠢᠨ ᠬᠠᠮᠠᠭᠠᠯᠠᠪᠠ᠃ | ︽ᠴᠡᠪᠡᠷ ᠰᠠᠶᠢᠬᠠᠨ ᠭᠤᠣᠯ ᠤᠨ ᠡᠷᠬᠢ ᠶᠢ ᠬᠠᠷᠠᠭᠠᠳ ᠮᠢᠨᠦ ᠰᠡᠳᠬᠢᠯ ᠣᠨᠴᠠᠭᠠᠢ ᠣᠮᠣᠭᠰᠢᠨ᠎ᠠ᠂ ᠡᠨᠡ | ᠪᠣᠯ ᠮᠠᠰᠢ ᠤᠳᠬ᠎ᠠ ᠠᠭᠤᠯᠭ᠎ᠠ ᠲᠠᠢ ᠶᠠᠪᠤᠳᠠᠯ ᠪᠣᠯᠤᠨ᠎ᠠ᠂ ᠬᠤᠶᠢᠰᠢᠳᠠ ᠪᠢ ᠡᠶᠢᠮᠦᠷᠬᠦᠦ ᠠᠵᠢᠯᠯᠠᠭ᠎ᠠ ᠳᠤ ᠢᠯᠡᠭᠦᠬᠡᠨ | ᠣᠷᠣᠯᠴᠠᠵᠤ᠂ ᠣᠷᠴᠢᠨ ᠲᠣᠭᠤᠷᠢᠨ ᠢ ᠬᠠᠮᠠᠭᠠᠯᠠᠬᠤ ᠳᠤ ᠬᠦᠴᠦᠨ ᠴᠢᠳᠠᠯ ᠢᠶᠠᠨ ᠡᠷᠭᠦᠨ᠎ᠡ︾ ᠭᠡᠵᠦ ᠬᠢᠩᠭᠠᠨ | ᠠᠶᠢᠮᠠᠭ ᠤᠨ ᠰᠣᠶᠣᠯ ᠵᠤᠭᠠᠴᠠᠯ ᠤᠨ ᠬᠡᠤᠬᠡᠳ ᠤᠨ ᠰᠠᠶᠢᠨ ᠳᠤᠷ᠎ᠠ ᠶᠢᠨ ᠪᠦᠯᠬᠦᠮ ᠤᠨ ᠪᠦᠷᠢᠯᠳᠦᠬᠦᠨ ᠦ᠋ ᠽᠢ ᠶᠠᠩ | ᠬᠡᠯᠡᠪᠡ᠃ | | | | | ᠵᠠᠯᠠᠭᠤᠴᠤᠳ ᠪᠠᠭᠠᠴᠤᠳ ᠪᠠᠰᠠ ᠴᠧᠩ ᠽᠧ ᠤᠰᠤᠨ ᠤ ᠶᠠᠪᠤᠳᠠᠯ ᠤᠨ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠳᠤ ᠬᠦᠷᠴᠦ ᠲᠣᠭᠤᠷᠢᠨ ᠦᠵᠡᠪᠡ᠃ ᠠᠵᠢᠯᠲᠠᠨ ᠤ ᠳᠠᠭᠠᠭᠤᠯᠭ᠎ᠠ ᠳᠣᠤᠷ᠎ᠠ᠂ ᠣᠯᠠᠨ ᠢᠶᠠᠷ ᠢᠶᠠᠨ ᠪᠣᠬᠢᠷ | ᠤᠰᠤ ᠶᠢ ᠰᠢᠢᠳᠪᠦᠷᠢᠯᠡᠬᠦ ᠡᠯ᠎ᠡ ᠭᠤᠭᠴᠤᠭ᠎ᠠ ᠶᠢ ᠡᠮᠬᠢ ᠵᠢᠷᠤᠮ ᠲᠠᠢ ᠪᠠᠷ ᠲᠣᠭᠤᠷᠢᠨ ᠦᠵᠡᠵᠦ᠂ ᠪᠣᠬᠢᠷ ᠤᠰᠤ ᠶᠢ | ᠦᠢᠯᠡᠳᠪᠦᠷᠢ ᠳᠤ ᠣᠷᠣᠭᠤᠯᠵᠤ ᠴᠡᠪᠡᠷᠰᠢᠭᠦᠯᠦᠭᠰᠡᠨ ᠤ ᠳᠠᠷᠠᠭ᠎ᠠ ᠭᠠᠳᠠᠭᠰᠢᠯᠠᠭᠤᠯᠬᠤ ᠪᠥᠬᠦ ᠶᠠᠪᠤᠴᠠ ᠶᠢ | ᠨᠢᠳᠦ ᠪᠠᠷ ᠢᠶᠠᠨ ᠦᠵᠡᠵᠦ᠂ ᠤᠰᠤᠨ ᠤ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠶᠢᠨ ᠴᠢᠬᠤᠯᠠ ᠴᠢᠨᠠᠷ ᠢ | ᠤᠯᠠᠮ ᠨᠢᠭᠡ ᠠᠯᠬᠤᠮ ᠣᠶᠢᠯᠠᠭᠠᠪᠠ᠃ | | | | | ᠳᠠᠷᠠᠭ᠎ᠠ ᠨᠢ᠂ ᠲᠤᠰᠬᠠᠶ ᠮᠡᠷᠭᠡᠵᠢᠯ ᠤᠨ ᠠᠵᠢᠯᠲᠠᠨ ᠤᠰᠤ ᠠᠷᠪᠢᠯᠠᠬᠤ ᠵᠢᠵᠢᠭ ᠬᠢᠴᠢᠶᠡᠯ ᠤᠨ ᠲᠠᠩᠬᠢᠮ ᠢ | ᠨᠡᠭᠡᠭᠡᠵᠦ᠂ ᠤᠰᠤ ᠠᠷᠪᠢᠯᠠᠬᠤ ᠮᠡᠳᠡᠯᠭᠡ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ ᠲᠠᠶᠢᠯᠪᠤᠷᠢᠯᠠᠵᠤ᠂ ᠡᠳᠦᠷ | ᠲᠤᠲᠤᠮ ᠤᠨ ᠠᠮᠢᠳᠤᠷᠠᠯ ᠤᠨ ᠳᠤᠮᠳᠠᠬᠢ ᠤᠰᠤ ᠠᠷᠪᠢᠯᠠᠬᠤ ᠠᠷᠭ᠎ᠠ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠶᠢᠨ | ᠴᠢᠬᠤᠯᠠ ᠴᠢᠨᠠᠷ ᠬᠦᠷᠲᠡᠯ᠎ᠡ᠂ ᠵᠠᠯᠠᠭᠤᠴᠤᠳ ᠪᠠᠭᠠᠴᠤᠳ ᠤᠰᠤ ᠠᠷᠪᠢᠯᠠᠬᠤ ᠲᠤᠬᠠᠶ ᠨᠠᠩ ᠭᠦᠨᠵᠡᠭᠡᠶ ᠲᠠᠨᠢᠯᠲᠠ ᠲᠠᠢ | ᠪᠣᠯᠪᠠ᠃ ᠬᠢᠴᠢᠶᠡᠯ ᠤᠨ ᠲᠠᠩᠬᠢᠮ ᠳᠤ ᠪᠠᠰᠠ ᠤᠰᠤᠨ ᠤ ᠡᠬᠢ ᠪᠠᠶᠠᠯᠢᠭ ᠤᠨ ᠬᠠᠮᠢᠶ᠎ᠠ ᠪᠥᠬᠦᠶ ᠮᠡᠳᠡᠯᠭᠡ ᠶᠢᠨ | ᠲᠣᠭᠤᠷᠢᠨ ᠳᠤ ᠬᠠᠷᠢᠯᠴᠠᠨ ᠠᠰᠠᠭᠤᠯᠲᠠ ᠬᠠᠷᠢᠭᠤᠯᠲᠠ ᠥᠷᠨᠢᠭᠦᠯᠵᠦ᠂ ᠲᠤᠬᠠᠶ ᠶᠢᠨ ᠲᠠᠯᠠᠪᠠᠶ ᠶᠢᠨ ᠠᠭᠤᠷ ᠠᠮᠢᠰᠬᠤᠯ | ᠬᠥᠷ ᠬᠥᠭᠵᠢᠶᠡᠨᠲᠡᠶ ᠪᠠᠶᠢᠵᠤ᠂ ᠵᠠᠯᠠᠭᠤᠴᠤᠳ ᠪᠠᠭᠠᠴᠤᠳ ᠢᠳᠡᠪᠬᠢᠲᠡᠶ ᠪᠠᠷ ᠣᠷᠣᠯᠴᠠᠵᠤ᠂ ᠣᠯᠠᠨ ᠢᠶᠠᠷ ᠢᠶᠠᠨ ᠪᠠᠶᠠᠷ | ᠪᠠᠶᠠᠰᠬᠤᠯᠠᠩᠲᠠᠶ ᠠᠭᠤᠷ ᠠᠮᠢᠰᠬᠤᠯ ᠤᠨ ᠳᠤᠮᠳᠠ ᠤᠰᠤ ᠠᠷᠪᠢᠯᠠᠬᠤ ᠮᠡᠳᠡᠯᠭᠡ ᠶᠢ ᠰᠤᠷᠤᠯᠴᠠᠪᠠ᠃ | | | | | ︽ᠵᠠᠯᠭᠠᠭᠠᠳ ᠪᠢᠳᠡ ᠠᠵᠢᠯᠯᠠᠭ᠎ᠠ ᠶᠢᠨ ᠬᠡᠯᠪᠡᠷᠢ ᠶᠢᠨ ᠲᠠᠯ᠎ᠠ ᠪᠠᠷ ᠦᠷᠭᠦᠯᠵᠢᠯᠡᠨ ᠰᠢᠨ᠎ᠡ ᠶᠢ ᠡᠭᠦᠳᠴᠦ᠂ | ᠣᠷᠣᠯᠴᠠᠬᠤ ᠬᠡᠪᠴᠢᠶ᠎ᠡ ᠪᠠᠨ ᠥᠷᠭᠡᠳᠬᠡᠨ᠂ ᠠᠵᠢᠯᠯᠠᠭ᠎ᠠ ᠶᠢᠨ ᠠᠭᠤᠯᠤᠭᠳᠠᠬᠤᠨ ᠢ ᠭᠦᠨᠵᠡᠭᠡᠶᠢᠷᠡᠭᠦᠯᠵᠦ᠂ ᠤᠰᠤᠨ ᠤ | ᠡᠬᠢ ᠪᠠᠶᠠᠯᠢᠭ ᠢ ᠬᠠᠮᠠᠭᠠᠯᠠᠬᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠨᠠᠩ ᠣᠯᠠᠨ | ᠨᠡᠶᠢᠭᠡᠮ ᠤᠨ ᠬᠦᠴᠦᠨ ᠢ ᠨᠢᠭᠲᠠᠷᠠᠭᠤᠯᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠢᠯᠡᠰ ᠲᠤ | ᠣᠷᠣᠯᠴᠠᠭᠤᠯᠵᠤ᠂ ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠬᠤ ᠠᠮᠢ ᠨᠠᠰᠤᠨ ᠤ ᠡᠬᠢ ᠰᠤᠷᠪᠤᠯᠵᠢ ᠶᠢ | ᠬᠠᠮᠲᠤ ᠪᠠᠷ ᠰᠠᠬᠢᠨ ᠬᠠᠮᠠᠭᠠᠯᠠᠨ᠎ᠠ︾ ᠭᠡᠵᠦ ᠤᠯᠠᠭᠠᠨᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠲᠥᠪ ᠤᠨ ᠡᠷᠬᠢᠯᠡᠭᠴᠢ ᠯᠢᠦ ᠶᠠ ᠫᠢᠩ ᠬᠡᠯᠡᠪᠡ᠃ | | |