| 3 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠤᠯᠠᠭᠠᠨᠬᠤᠲᠠ ᠶᠢᠨ ᠵᠠᠮ ᠬᠠᠷᠢᠯᠴᠠᠭᠠᠨ ᠤ | ᠠᠮᠤᠷ ᠲᠦᠪᠰᠢᠨ ᠤ ᠵᠥᠪᠯᠡᠯ 2025 ᠣᠨ ᠤ ᠠᠩᠬᠠᠳᠤᠭᠠᠷ ᠤᠳᠠᠭᠠᠨ ᠤ ᠪᠥᠬᠦᠳᠡ ᠬᠤᠷᠠᠯ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ | ᠥᠭᠦᠯᠡᠯᠲᠡ ᠶᠢᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠵᠥᠪᠯᠡᠯ ᠤᠨ ︽ᠵᠠᠮ | ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ ᠤᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ 2024 ᠣᠨ ᠠᠴᠠ ᠨᠠᠭᠠᠰᠢᠬᠢ ᠪᠦᠬᠦ ᠬᠤᠳᠠ ᠶᠢᠨ ᠵᠠᠮ | ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ 2025 ᠣᠨ ᠤ | ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ᠂ ᠡᠯ᠎ᠡ ᠪᠦᠷᠢᠯᠳᠦᠬᠦᠨ ᠨᠢᠭᠡᠴᠢ ᠶᠢᠨ ᠬᠢᠨ ᠵᠠᠮ ᠬᠠᠷᠢᠯᠴᠠᠭᠠᠨ ᠤ ᠠᠮᠤᠷ ᠲᠦᠪᠰᠢᠨ ᠤ | ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ | ᠳᠡᠭᠡᠭᠰᠢᠯᠡᠭᠦᠯᠵᠦ᠂ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠨ᠂ ︽ᠲᠠᠪᠤᠨ ᠠᠷᠭ᠎ᠠ ᠬᠡᠮᠵᠢᠶ᠎ᠡ︾ ᠪᠠᠷ | ᠭᠠᠷᠳᠠᠴᠠ ᠪᠣᠯᠭᠠᠵᠤ᠂ ᠨᠡᠯᠢᠶᠡᠳ ᠶᠡᠭᠡ ᠡ᠊ᠡᠳᠡᠯ ᠭᠠᠷᠬᠤ ᠶᠢ ᠡᠷᠡᠰ ᠬᠤᠷᠢᠭᠯᠠᠨ᠂ ᠬᠦᠨᠳᠦ ᠶᠡᠭᠡ ᠡ᠊ᠡᠳᠡᠯ ᠭᠠᠷᠬᠤ ᠶᠢ | ᠰᠡᠷᠭᠡᠶᠢᠯᠡᠵᠦ᠂ ᠡᠩ ᠤᠨ ᠡ᠊ᠡᠳᠡᠯ ᠢ ᠡᠵᠡᠮᠳᠡᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠢ ᠪᠦᠬᠦ | ᠬᠦᠴᠦᠨ ᠢᠶᠠᠷ ᠢᠶᠠᠨ ᠲᠣᠭᠲᠠᠪᠤᠷᠢᠵᠢᠭᠤᠯᠬᠤ ᠬᠡᠷᠡᠭᠲᠡᠢ᠃ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ | ᠳᠡᠭᠡᠳᠦᠯᠡᠬᠦ︾ ᠣᠶᠢᠯᠠᠭᠠᠭᠳᠠᠬᠤᠨ ᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠂ ᠤᠷᠢᠳᠴᠢᠯᠠᠨ ᠲᠥᠯᠥᠪᠵᠢᠭᠦᠯᠵᠦ᠂ ᠨᠠᠷᠢᠨ ᠨᠢᠮᠪᠠᠢ | ᠪᠠᠶᠢᠷᠢᠯᠠᠭᠤᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠰᠠᠭᠠᠳ ᠦᠭᠡᠢ ᠨᠡᠪᠲᠡᠷᠡᠬᠦ ᠬᠠᠷᠢᠭᠤᠴᠠᠯᠭ᠎ᠠ ᠶᠢ ᠪᠠᠲᠤ | ᠡᠭᠦᠷᠭᠡᠯᠡᠵᠦ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠶᠢ | ᠠᠬᠢᠭᠤᠯᠬᠤ ᠬᠡᠷᠡᠭᠲᠡᠢ᠃ ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠨᠡᠩ ᠲᠣᠳᠣᠷᠬᠠᠢ᠂ ᠵᠣᠬᠢᠶᠠᠨ ᠪᠠᠶᠢᠭᠤᠯᠤᠯᠲᠠ ᠨᠡᠩ ᠪᠦᠷᠢᠨ ᠲᠡᠭᠦᠯᠳᠡᠷ᠂ | ᠬᠠᠮᠲᠤᠷᠠᠯ ᠬᠦᠴᠦᠨ ᠨᠡᠩ ᠲᠤᠪᠤᠶᠢᠮ᠎ᠠ᠂ ᠪᠠᠲᠤᠯᠠᠭ᠎ᠠ ᠨᠡᠩ ᠬᠦᠴᠦᠲᠡᠢ ᠠᠵᠢᠯ ᠤᠨ ᠪᠠᠶᠢᠷᠢᠰᠢᠯ ᠢ ᠪᠦᠷᠢᠯᠳᠦᠭᠦᠯᠬᠦ | ᠬᠡᠷᠡᠭᠲᠡᠢ᠃ ᠵᠠᠮ ᠬᠠᠷᠢᠯᠴᠠᠭᠠᠨ ᠤ ᠵᠥᠪᠯᠡᠯ ᠤᠨ ᠠᠯᠪᠠᠨ ᠭᠡᠷ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ | ᠵᠣᠷᠢᠭᠲᠠᠶ ᠪᠠᠷ ᠠᠵᠢᠯ ᠬᠢᠵᠦ᠂ ᠵᠢᠯᠣᠭᠤᠳᠤᠨ ᠵᠣᠬᠢᠴᠠᠭᠤᠯᠬᠤ᠂ ᠪᠠᠶᠢᠴᠠᠭᠠᠵᠤ ᠬᠢᠨᠠᠨ ᠰᠢᠯᠭᠠᠬᠤ ᠵᠡᠷᠭᠡ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠤᠯᠬᠤ ᠶᠢ | ᠠᠬᠢᠭᠤᠯᠬᠤ ᠬᠡᠷᠡᠭᠲᠡᠶ᠃ ᠡᠯ᠎ᠡ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ︽ᠭᠤᠷᠪᠠ ᠶᠢ | ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ | ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠠᠵᠢᠯ | ᠲᠥᠷᠥᠯ ᠤᠨ ᠬᠦᠷᠢᠶᠡᠨ ᠳᠠᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠦᠨᠡᠨ ᠬᠦ | ᠡᠭᠦᠷᠭᠡᠯᠡᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠪᠠᠶᠢᠬᠤ ᠶᠢ ᠡᠷᠡᠰ ᠬᠠᠮᠠᠭᠠᠯᠠᠵᠤ | ᠂ ᠪᠥᠬᠦ ᠬᠤᠲᠠ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ ᠭᠡᠵᠦ | ᠵᠢᠭᠠᠵᠤ ᠭᠠᠷᠭᠠᠪᠠ᠃ |