| 3 ᠰᠠᠷ᠎ᠠ ᠶᠢᠨ 10 ᠤ ᠡᠳᠦᠷ᠂ ᠤᠯᠠᠭᠠᠨᠬᠤᠲᠠ 2025 ᠣᠨ ᠤ ᠳᠡᠭᠡᠷ᠎ᠡ ᠬᠠᠭᠠᠰ ᠵᠢᠯ ᠤᠨ ᠴᠡᠷᠢᠭ ᠲᠤ | ᠣᠷᠤᠬᠤ ᠪᠠᠷ ᠲᠣᠭᠲᠠᠬᠰᠠᠨ ᠴᠡᠷᠢᠭ ᠤᠨ ᠠᠵᠢᠯ ᠤᠨ ᠬᠤᠷᠠᠯ ᠬᠤᠷᠠᠯᠳᠤᠭᠤᠯᠪᠠ᠃ ᠬᠢᠩᠭᠠᠨ ᠴᠡᠷᠢᠭ ᠤᠨ ᠬᠤᠪᠢᠶᠠᠷᠢ | ᠲᠣᠭᠤᠷᠢᠭ ᠤᠨ ᠳᠠᠶᠢᠴᠢᠯᠠᠯᠲᠠ ᠶᠢᠨ ᠭᠠᠵᠠᠷ ᠤᠨ ᠬᠤᠷᠠᠩᠳᠠ ᠳᠠᠷᠤᠭ᠎ᠠ ᠵᠣᠣ ᠰᠢᠤᠸᠠᠢ ᡁᠢ᠂ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠴᠡᠷᠢᠭ ᠡᠯᠰᠡᠬᠦ ᠠᠵᠢᠯ ᠤᠨ | ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠭᠤᠸᠠᠨ ᠹᠧᠩ᠂ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠤᠷᠠᠩᠳᠠ ᠺᠣᠮᠢᠰᠰᠠᠷ᠂ ᠬᠤᠲᠠ ᠶᠢᠨ | ᠴᠡᠷᠢᠭ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠴᠧ ᠯᠦᠨ᠂ ᠬᠤᠲᠠ ᠶᠢᠨ ᠠᠷᠠᠳ | ᠤᠨ ᠵᠡᠪᠰᠡᠭᠲᠦ ᠬᠦᠴᠦᠨ ᠤ ᠬᠡᠯᠲᠡᠰ ᠤᠨ ᠳᠡᠳ᠋ ᠬᠤᠷᠠᠩᠳᠠ ᠳ᠋ᠤᠸᠠᠨ ᠷᠦᠢ ᠭᠠᠩ᠂ ᠴᠡᠷᠢᠭ ᠡᠯᠰᠡᠬᠦ ᠠᠵᠢᠯ ᠤᠨ | ᠤᠳᠤᠷᠢᠳᠬᠤ ᠳᠤᠭᠤᠶᠢᠯᠠᠩ ᠤᠨ ᠪᠥᠬᠦ ᠭᠡᠰᠢᠭᠦᠨ᠂ ᠬᠤᠲᠠ ᠶᠢᠨ ᠴᠡᠷᠢᠭ ᠡᠯᠰᠡᠬᠦ ᠠᠵᠢᠯ ᠤᠨ ᠠᠯᠪᠠᠨ ᠬᠡᠷ ᠤᠨ | ᠭᠡᠰᠢᠭᠦᠨ᠂ ᠠᠷᠢᠭᠤᠨ ᠴᠢᠬᠡᠴᠢ ᠪᠠᠷ ᠴᠡᠷᠢᠭ ᠡᠯᠰᠡᠬᠦ ᠠᠵᠢᠯ ᠳᠤ ᠬᠢᠨᠠᠯᠲᠠ ᠲᠠᠯᠪᠢᠭᠴᠢ ᠶᠢᠨ ᠲᠥᠯᠥᠭᠡᠯᠡᠭᠴᠢ᠂ ᠴᠡᠷᠢᠭ | ᠲᠤᠰᠬᠤ ᠺᠠᠳ᠋ᠷ ᠵᠢᠴᠢ ᠡᠯ᠎ᠡ ᠪᠠᠯᠭᠠᠰᠤ ᠵᠡᠭᠡᠯᠢ ︵ᠬᠦᠷᠢᠶᠡᠯᠡᠩ ᠲᠣᠭᠤᠷᠢᠭ᠂ ᠠᠳᠤᠭᠤᠨ ᠲᠠᠯᠠᠪᠠᠶ︶ ᠶᠢᠨ ᠠᠷᠠᠳ ᠤᠨ | ᠵᠡᠪᠰᠡᠭᠳᠤ ᠬᠦᠴᠦᠨ ᠤ ᠳᠤᠰᠬᠠᠢ ᠺᠠᠳ᠋ᠷ ᠬᠤᠷᠠᠯ ᠳᠤ ᠣᠷᠣᠯᠴᠠᠪᠠ᠃ | ᠬᠤᠷᠠᠯ ᠠᠴᠠ ᠤᠷᠢᠳᠴᠢᠯᠠᠨ ᠲᠣᠭᠲᠠᠭᠰᠠᠨ ᠴᠡᠷᠢᠭ ᠤᠨ ᠲᠥᠰᠦᠯ ᠢ ᠤᠯᠠᠮᠵᠢᠯᠠᠭᠰᠠᠨ ᠤ ᠬᠠᠮᠲᠤ 2025 | ᠣᠨ ᠤ ᠳᠡᠭᠡᠷ᠎ᠡ ᠬᠠᠭᠠᠰ ᠵᠢᠯ ᠤᠨ ᠴᠡᠷᠢᠭ ᠡᠯᠰᠡᠬᠦ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ | ᠲᠣᠳᠣᠷᠬᠠᠶᠢᠯᠠᠯᠲᠠ ᠬᠢᠪᠡ᠃ | ᠤᠯᠠᠭᠠᠨᠬᠤᠲᠠ ᠶᠢᠨ ᠳᠡᠭᠡᠷ᠎ᠡ ᠬᠠᠭᠠᠰ ᠵᠢᠯ ᠤᠨ ᠴᠡᠷᠢᠭ ᠡᠯᠰᠡᠬᠦ ᠰᠡᠭᠦᠯᠴᠢ ᠶᠢᠨ ᠬᠤᠭᠤᠴᠠᠭᠠᠨ ᠤ ᠠᠵᠢᠯ ᠢ | ᠬᠡᠷᠬᠢᠨ ᠰᠠᠶᠢᠲᠤᠷ ᠬᠢᠬᠦ ᠲᠤᠬᠠᠶ ᠬᠤᠷᠠᠯ ᠠᠴᠠ᠂ ᠪᠠᠷᠢᠮᠵᠢᠶ᠎ᠠ ᠲᠠᠰ ᠳᠠᠷᠠᠭᠠᠯᠠᠯ ᠢ ᠴᠢᠩᠳᠠᠯᠠᠨ᠂ ᠬᠡᠷᠡᠭᠵᠢᠭᠦᠯᠵᠦ | ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠡᠯᠰᠡᠬᠦ ᠴᠡᠷᠢᠭ ᠢ ᠲᠣᠭᠲᠠᠭᠠᠵᠤ ᠵᠠᠷᠯᠠᠨ ᠨᠡᠶᠢᠲᠡᠯᠡᠬᠦ ᠶᠢ | ᠪᠣᠳᠠᠲᠠᠶᠢᠵᠢᠭᠤᠯᠵᠤ᠂ ᠰᠢᠨ᠎ᠡ ᠴᠡᠷᠢᠭ ᠢ ᠬᠦᠷᠭᠡᠵᠤ ᠲᠤᠰᠢᠶᠠᠬᠤ ᠪᠠ ᠭᠥᠯᠢᠶᠡᠨ ᠠᠪᠬᠤ ᠶᠢ ᠪᠣᠳᠠᠲᠠᠶᠢᠵᠢᠭᠤᠯᠵᠤ᠂ | ᠴᠡᠷᠢᠭ ᠢ ᠴᠠᠭ ᠲᠤᠬᠠᠶ ᠳᠤᠨᠢ᠂ ᠠᠮᠤᠷ ᠲᠦᠪᠰᠢᠨ᠂ ᠤᠷᠤᠭᠰᠢᠲᠠᠶ ᠪᠠᠷ ᠴᠡᠷᠢᠭ ᠠᠩᠭᠢ ᠳᠤ ᠲᠤᠰᠢᠶᠠᠬᠤ ᠶᠢ ᠦᠨᠡᠨ | ᠬᠦ ᠪᠠᠲᠤᠯᠠᠬᠤ ᠬᠡᠷᠡᠭᠲᠡᠶ᠃ ᠬᠠᠮᠢᠶᠠᠷᠤᠯᠲᠠ ᠶᠢᠨ ᠲᠦᠷᠢᠮ ᠢ ᠴᠢᠩᠳᠠᠯᠠᠵᠤ᠂ ᠵᠠᠯᠭᠠᠮᠵᠢ ᠬᠠᠮᠢᠶᠠᠷᠤᠯᠲᠠ ᠶᠢ | ᠴᠢᠩᠭᠠᠳᠬᠠᠵᠤ᠂ ᠡᠯ᠎ᠡ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ᠰᠢᠨ᠎ᠡ ᠴᠡᠷᠢᠭ ᠤᠨ ᠦᠵᠡᠯ | ᠰᠠᠨᠠᠭᠠᠨ ᠤ ᠵᠢᠯᠤᠭᠤᠳᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠰᠠᠬᠢᠯᠭ᠎ᠠ ᠪᠠᠲᠤ ᠴᠢᠩᠭ᠎ᠠ᠂ ᠰᠤᠷᠲᠠᠯ ᠰᠢᠯᠢᠳᠡᠭ᠂ | ᠢᠲᠡᠭᠡᠯ ᠪᠢᠰᠢᠷᠡᠯ ᠪᠠᠲᠤ ᠴᠢᠩᠭ᠎ᠠ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠡᠩᠨᠡᠭᠡ ᠶᠢ | ᠪᠠᠶᠢᠭᠤᠯᠬᠤ ᠳᠤ ᠦᠵᠡᠯ ᠰᠠᠨᠠᠭᠠᠨ ᠤ ᠰᠠᠭᠤᠷᠢ ᠶᠢ ᠪᠠᠲᠤ ᠴᠣᠭᠴᠠᠯᠠᠬᠤ ᠬᠡᠷᠡᠭᠲᠡᠢ᠃ ᠤᠯᠤᠰ ᠲᠦᠷᠦ ᠶᠢᠨ ᠰᠠᠬᠢᠯᠭ᠎ᠠ | ᠪᠠᠲᠤ ᠶᠢ ᠴᠢᠩᠳᠠᠯᠠᠵᠤ᠂ ᠠᠷᠢᠭᠤᠨ ᠴᠢᠬᠡᠴᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠡᠯᠰᠡᠬᠦ ᠲᠦᠷᠦ ᠶᠢᠨ | ᠪᠤᠳᠤᠯᠭ᠎ᠠ ᠶᠢᠨ ᠲᠣᠭᠲᠠᠭᠠᠯ ᠪᠣᠯᠤᠨ ᠬᠠᠮᠢᠶ᠎ᠠ ᠪᠦᠬᠦᠢ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ᠠᠷᠢᠭᠤᠨ | ᠴᠢᠬᠡᠴᠢ ᠶᠢᠨ ᠬᠤᠷᠢᠭ᠎ᠠ ᠱᠤᠭᠤᠮ ᠢ ᠬᠢᠴᠢᠶᠡᠩᠭᠦ᠋ᠢᠯᠡᠨ ᠰᠠᠬᠢᠵᠤ᠂ ᠴᠡᠷᠢᠭ ᠡᠯᠰᠡᠬᠦ ᠠᠵᠢᠯ ᠤᠨ ᠳᠤᠮᠳᠠᠬᠢ ᠲᠥᠪ | ᠪᠤᠰᠤ ᠰᠤᠷᠲᠠᠯ ᠢ ᠡᠷᠡᠰ ᠰᠡᠷᠭᠡᠶᠢᠯᠡᠨ ᠵᠠᠯᠠᠷᠠᠭᠤᠯᠵᠤ᠂ ᠴᠡᠷᠢᠭ ᠡᠯᠰᠡᠬᠦ ᠠᠵᠢᠯ ᠤᠨ ᠤᠷᠤᠭᠰᠢᠲᠠᠢ ᠶᠠᠪᠤᠭᠳᠠᠬᠤ ᠶᠢ | ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃ | ᠬᠤᠷᠠᠯ ᠠᠴᠠ ᠪᠠᠰᠠ ᠠᠷᠢᠭᠤᠨ ᠴᠢᠬᠡᠴᠢ ᠪᠠᠷ ᠴᠡᠷᠢᠭ ᠡᠯᠰᠡᠬᠦ ᠪᠠ ᠴᠡᠷᠢᠭ ᠲᠤ ᠣᠷᠤᠬᠤ ᠪᠠᠷ ᠲᠣᠭᠲᠠᠬᠰᠠᠨ | ᠴᠡᠷᠢᠭ ᠢ ᠬᠢᠨᠠᠨ ᠵᠥᠪᠰᠢᠶᠡᠷᠡᠬᠦ ᠬᠠᠮᠢᠶ᠎ᠠ ᠪᠦᠬᠦᠢ ᠲᠣᠭᠲᠠᠭᠠᠯ ᠢ ᠵᠣᠬᠢᠶᠠᠨ ᠪᠠᠶᠢᠭᠤᠯᠤᠨ ᠰᠤᠷᠤᠯᠴᠠᠵᠤ᠂ ᠴᠡᠷᠢᠭ ᠲᠤ | ᠣᠷᠤᠬᠤ ᠪᠠᠷ ᠲᠣᠭᠲᠠᠬᠰᠠᠨ ᠴᠡᠷᠢᠭ ᠤᠨ ᠨᠡᠷᠡᠰ ᠢ ᠤᠩᠰᠢᠨ ᠨᠡᠶᠢᠲᠡᠯᠡᠭᠰᠡᠨ ᠪᠥᠭᠡᠳ ᠲᠤᠬᠠᠢ ᠶᠢᠨ ᠲᠠᠯᠠᠪᠤᠷ ᠲᠤ ᠭᠠᠷ | ᠡᠷᠭᠦᠨ ᠪᠠᠲᠤᠯᠠᠪᠠ᠃ ᠴᠡᠷᠢᠭ ᠡᠯᠰᠡᠬᠦ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠪᠣᠯᠤᠨ ᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠬᠤᠲᠠ ᠶᠢᠨ ᠡᠮᠨᠡᠯᠭᠡ ᠶᠢᠨ ᠬᠤᠷᠢᠶ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠵᠡᠷᠭᠡ ᠬᠠᠮᠢᠶ᠎ᠠ ᠪᠥᠬᠦᠶ ᠨᠢᠭᠡᠴᠢ ᠶᠢᠨ | ᠬᠠᠷᠢᠭᠤᠴᠠᠯᠭᠠᠲᠠᠨ ᠤᠷᠢᠳᠴᠢᠯᠠᠨ ᠲᠣᠭᠲᠠᠭᠰᠠᠨ ᠴᠡᠷᠢᠭ ᠤᠨ ᠨᠡᠷᠡᠰ ᠤᠨ ᠬᠦᠰᠦᠨᠦᠭᠲᠦ ᠳᠤ ᠭᠠᠷ ᠤᠨ ᠥᠰᠥᠭ | ᠵᠢᠷᠤᠪᠠ᠃ | |