ᠤᠯᠠᠭᠠᠨᠬᠤᠲᠠ ᠶᠢᠨ ᠰᠢᠶᠠᠩ ᠶᠤᠸᠠᠨ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠴᠠᠭ ᠢ ᠠᠮᠵᠢᠨ ᠦᠢᠯᠡᠳᠪᠦᠷᠢᠯᠡᠵᠦ ᠬᠠᠪᠤᠷ ᠤᠨ ᠲᠠᠷᠢᠶᠠᠯᠠᠭ᠎ᠠ ᠶᠢᠨ ᠬᠢᠮᠢ ᠶᠢᠨ ᠪᠣᠷᠲᠣᠭᠤᠷ ᠤᠨ ᠬᠠᠩᠭᠠᠯᠭ᠎ᠠ ᠶᠢ ᠱᠠᠯᠠᠪᠳᠠᠨ ᠪᠠᠲᠤᠯᠠᠨ᠎ᠠ
ᠨᠡᠶᠢᠲᠡᠯᠡᠭᠰᠡᠨ ᠴᠠᠭ᠄
2025/3/12
        ᠤᠢᠢᠷ᠎ᠠ ᠶᠢᠨ ᠬᠤᠭᠤᠴᠠᠭᠠᠨ ᠳᠤ᠂ ᠤᠯᠠᠭᠠᠨᠬᠤᠲᠠ ᠶᠢᠨ ᠰᠢᠶᠠᠩ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠪᠦᠬᠦ ᠬᠦᠴᠦᠨ ᠢᠶᠠᠷ ᠢᠶᠠᠨ ᠣᠷᠭᠠᠨᠢᠭ ᠪᠤᠷᠳᠤᠭᠤᠷ ᠦᠢᠯᠡᠳᠪᠦᠷᠢᠯᠡᠵᠦ᠂ ᠣᠷᠣᠨ ᠪᠦᠰᠡ ᠶᠢᠨ ᠬᠠᠪᠤᠷ ᠤᠨ ᠲᠠᠷᠢᠶᠠᠯᠠᠭ᠎ᠠ ᠶᠢᠨ ᠪᠤᠷᠳᠤᠭᠤᠷ ᠬᠡᠷᠡᠭᠯᠡᠬᠦ ᠬᠡᠷᠡᠭᠴᠡᠭᠡ ᠶᠢ ᠪᠦᠬᠦ ᠬᠦᠴᠦᠨ ᠢᠶᠠᠷ ᠪᠠᠲᠤᠯᠠᠵᠤ᠂ ᠪᠦᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠣᠯᠬᠤ ᠳᠤ ᠪᠠᠲᠤ ᠰᠠᠭᠤᠷᠢ ᠲᠠᠯᠪᠢᠵᠤ ᠪᠠᠶᠢᠨ᠎ᠠ᠃        ᠤᠯᠠᠭᠠᠨᠬᠤᠲᠠ ᠶᠢᠨ ᠰᠢᠶᠠᠩ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠶᠢᠨ ᠬᠢᠮᠢ ᠶᠢᠨ ᠪᠤᠷᠳᠤᠭᠤᠷ ᠤᠨ ᠦᠢᠯᠡᠳᠪᠦᠷᠢ ᠳᠤ᠂ ᠠᠵᠢᠯᠴᠢᠳ ᠤᠳᠬᠤᠭᠤᠷ ᠲᠡᠷᠭᠡ ᠶᠢ ᠪᠣᠯᠪᠠᠰᠤᠷᠠᠩᠭᠤᠢ ᠠᠵᠢᠯᠯᠠᠭᠤᠯᠵᠤ᠂ ᠣᠷᠭᠠᠨᠢᠭ ᠪᠤᠷᠳᠤᠭᠤᠷ ᠤᠨ ᠲᠦᠭᠦᠬᠡᠢ ᠮᠠᠲ᠋ᠧᠷᠢᠶᠠᠯ ᠢ ᠲᠷᠠᠺᠲ᠋ᠣᠷ ᠤᠨ ᠸᠠᠭᠤᠨ ᠳᠤ ᠰᠠᠪᠠᠯᠠᠵᠤ᠂ ᠲᠦᠭᠦᠬᠡᠢ ᠮᠠᠲ᠋ᠧᠷᠢᠶᠠᠯ ᠣᠷᠣᠭᠤᠯᠬᠤ᠂ ᠢᠰᠬᠡᠵᠦ ᠡᠵᠡᠮᠳᠡᠬᠦ ᠵᠡᠷᠭᠡ ᠠᠵᠢᠯ ᠢ ᠡᠮᠬᠢ ᠵᠠᠮᠪᠠᠷᠠᠭ᠎ᠠ ᠲᠠᠢ ᠬᠢᠵᠦ ᠪᠠᠶᠢᠯ᠎ᠠ᠃
1.jpg
        ︽ᠮᠠᠨ ᠤ ᠣᠷᠭᠠᠨᠢᠭ ᠪᠣᠷᠳᠣᠭᠤᠷ ᠠᠷᠭᠠᠯ ᠪᠠ ᠬᠡᠮᠬᠡᠯᠦᠭᠰᠡᠨ ᠤ ᠳᠠᠷᠠᠭᠠᠬᠢ ᠡᠰᠢ ᠰᠦᠷᠡᠯ ᠢᠶᠠᠷ ᠲᠦᠭᠦᠬᠡᠶ ᠮᠠᠲ᠋ᠧᠷᠢᠶᠠᠯ ᠪᠣᠯᠭᠠᠬᠤ ᠶᠢᠨ ᠬᠠᠮᠲᠤ ᠭᠦᠢᠴᠡᠳ ᠢᠰᠬᠡᠵᠦ᠂ ᠣᠳᠣᠬᠠᠨ ᠳᠤ ᠮᠠᠨ ᠤ ᠦᠢᠯᠡᠳᠪᠦᠷᠢᠯᠡᠯ ᠤᠨ ᠬᠡᠪᠴᠢᠶ᠎ᠡ ᠡᠳᠦᠷ ᠪᠦᠷᠢ 300 ᠪᠣᠰᠤᠭ᠎ᠠ ᠳᠥᠷᠪᠡᠯᠵᠢᠨ ᠮᠧᠲᠷ ᠲᠤ ᠬᠦᠷᠴᠦ ᠪᠠᠶᠢᠨ᠎ᠠ᠃ ᠣᠳᠣ ᠣᠶᠢᠷ᠎ᠠ ᠬᠠᠪᠢ ᠶᠢᠨ ᠲᠠᠷᠢᠶᠠᠴᠢᠨ ᠡᠷᠦᠬᠡ ᠴᠥᠮ ᠡᠨᠡ ᠬᠦ ᠦᠢᠯᠡᠳᠬᠦᠨ ᠢ ᠮᠠᠰᠢ ᠵᠥᠪᠰᠢᠶᠡᠷᠡᠵᠦ ᠪᠠᠶᠢᠨ᠎ᠠ︾ ᠭᠡᠵᠦ ᠤᠯᠠᠭᠠᠨᠬᠤᠲᠠ ᠶᠢᠨ ᠰᠢᠶᠠᠩ ᠶᠤᠸᠠᠨ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠶᠢᠨ ᠠᠵᠢᠯᠲᠠᠨ ᠲᠦᠩ ᠶᠦᠩ ᠹᠧᠩ ᠬᠡᠯᠡᠪᠡ᠃        ᠬᠠᠪᠤᠷ ᠤᠨ ᠲᠠᠷᠢᠶᠠᠯᠠᠭ᠎ᠠ ᠣᠶᠢᠷᠠᠳᠬᠤ ᠶᠢ ᠳᠠᠭᠠᠯᠳᠤᠨ᠂ ᠭᠡᠭᠡᠨᠰᠦ᠋ᠮ᠎ᠡ ᠪᠠᠯᠭᠠᠰᠤᠨ ᠤ ᠨᠥᠬᠦᠷᠯᠡᠯ ᠭᠠᠴᠠᠭᠠᠨ ᠤ ᠠᠷᠠᠳ ᠪᠠᠶ ᠸᠧᠨ ᠱᠧᠩ ᠤᠯᠠᠭᠠᠨᠬᠤᠲᠠ ᠶᠢᠨ ᠰᠢᠶᠠᠩ ᠶᠤᠸᠠᠨ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠳᠤ ᠢᠷᠡᠵᠦ ᠬᠢᠮᠢ ᠶᠢᠨ ᠪᠣᠷᠲᠣᠭᠤᠷ ᠬᠤᠳᠠᠯᠳᠤᠨ ᠠᠪᠴᠤ ᠪᠠᠶᠢᠯ᠎ᠠ᠃ ᠬᠤᠷᠰᠢᠶ᠎ᠠ ᠬᠠᠷᠢᠭᠤᠴᠠᠯᠭᠠᠲᠠᠨ ᠲᠦᠩ ᠶᠦᠩ ᠰᠢᠶᠠᠩ ᠲᠡᠭᠦᠨ ᠳᠤ ᠬᠢᠮᠢ ᠶᠢᠨ ᠪᠤᠷᠳᠤᠭᠤᠷ ᠤᠨ ᠴᠢᠨᠠᠷ ᠴᠢᠨᠰᠠᠭ᠎ᠠ ᠶᠢ ᠨᠠᠷᠢᠨ ᠲᠠᠨᠢᠯᠴᠠᠭᠤᠯᠵᠤ᠂ ᠪᠤᠷᠳᠤᠭᠤᠷ ᠣᠷᠣᠭᠤᠯᠬᠤ ᠶᠠᠪᠤᠴᠠ ᠳᠠᠬᠢ ᠡᠯ᠎ᠡ ᠵᠦᠢᠯ ᠤᠨ ᠲᠤᠷᠰᠢᠯᠭ᠎ᠠ ᠪᠣᠯᠤᠨ ᠬᠡᠷᠡᠭᠯᠡᠭᠡᠨ ᠤ ᠤᠷ᠎ᠠ ᠮᠡᠷᠭᠡᠵᠢᠯ ᠢ ᠲᠠᠶᠢᠯᠪᠤᠷᠢᠯᠠᠨ᠎ᠠ᠃        ︽ᠮᠠᠨ ᠤ ᠭᠡᠷ 100 ᠭᠠᠷᠤᠶ ᠮᠦ ᠲᠠᠷᠢᠶ᠎ᠠ ᠲᠠᠷᠢᠳᠠᠭ᠂ ᠡᠨᠡ ᠬᠡᠳᠦᠨ ᠵᠢᠯ ᠪᠦᠷ ᠲᠡᠳᠡᠨ ᠤ ᠣᠷᠭᠠᠨᠢᠭ ᠪᠣᠷᠲᠣᠭᠤᠷ ᠢ ᠬᠡᠷᠡᠭᠯᠡᠵᠦ᠂ ᠦᠷ᠎ᠡ ᠠᠰᠢᠭ ᠨᠢ ᠮᠠᠰᠢ ᠰᠠᠶᠢᠨ᠂ ᠮᠠᠨ ᠤ ᠭᠡᠷ ᠤᠨ ᠡᠷᠳᠡᠨᠢ ᠰᠢᠰᠢ ᠶᠢᠨ ᠶᠠᠰᠤ ᠴᠢᠨᠠᠷ ᠪᠠ ᠤᠨᠠᠯᠲᠠ ᠴᠥᠮ ᠳᠡᠭᠡᠭᠰᠢᠯᠡᠵᠡᠶ︾ ᠭᠡᠵᠦ ᠪᠠᠢ ᠸᠧᠨ ᠱᠧᠩ ᠬᠡᠯᠡᠪᠡ᠃
2.jpg
        ᠤᠯᠠᠭᠠᠨᠬᠤᠲᠠ ᠶᠢᠨ ᠰᠢᠶᠠᠩ ᠶᠤᠸᠠᠨ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠨᠢ ᠭᠡᠭᠡᠨᠰᠦ᠋ᠮ᠎ᠡ ᠪᠠᠯᠭᠠᠰᠤᠨ ᠤ ᠨᠥᠬᠦᠷᠯᠡᠯ ᠭᠠᠴᠠᠭ᠎ᠠ ᠳᠤ ᠪᠠᠶᠢᠷᠢᠯᠠᠵᠤ᠂ 2017 ᠣᠨ ᠳᠤ ᠠᠰᠢᠭᠯᠠᠯᠲᠠ ᠳᠤ ᠣᠷᠣᠭᠤᠯᠤᠭᠰᠠᠨ ᠠᠴᠠ ᠨᠠᠭᠠᠰᠢ᠂ ᠡᠷᠬᠢᠨ ᠲᠣᠭᠤᠷᠢᠨ ᠤ ᠭᠠᠴᠠᠭ᠎ᠠ ᠲᠣᠰᠬᠤᠨ ᠪᠠᠯᠭᠠᠰᠤᠨ ᠤ ᠦᠬᠡᠷ ᠬᠤᠨᠢᠨ ᠤ ᠢᠯᠭᠠᠳᠠᠰᠤ ᠵᠢᠴᠢ ᠡᠰᠢ ᠰᠦᠷᠡᠯ ᠢ ᠢᠳᠡᠪᠬᠢᠲᠡᠢ ᠬᠤᠳᠠᠯᠳᠤᠨ ᠠᠪᠴᠤ ᠴᠢᠨᠠᠷ ᠰᠠᠶᠢᠲᠠᠢ ᠣᠷᠭᠠᠨᠢᠭ ᠪᠤᠷᠳᠤᠭᠤᠷ ᠢ ᠦᠢᠯᠡᠳᠪᠦᠷᠢᠯᠡᠵᠦ ᠪᠣᠷᠣᠯᠠᠭᠤᠯᠬᠤ ᠲᠦᠭᠦᠬᠡᠢ ᠮᠠᠲ᠋ᠧᠷᠢᠶᠠᠯ ᠪᠣᠯᠭᠠᠪᠠ᠃ ᠲᠠᠷᠢᠶᠠᠴᠢᠨ ᠡᠷᠦᠬᠡ ᠳᠤ ᠤᠯᠠᠮ ᠨᠢᠭᠡ ᠠᠯᠬᠤᠮ ᠦᠢᠯᠡᠴᠢᠯᠡᠬᠦ ᠶᠢᠨ ᠲᠥᠯᠥᠭᠡ᠂ ᠬᠤᠷᠰᠢᠶ᠎ᠠ ᠠᠴᠠ ᠪᠠᠰᠠ ᠲᠤᠰᠬᠠᠢ ᠮᠡᠷᠭᠡᠵᠢᠯ ᠤᠨ ᠠᠵᠢᠯᠲᠠᠨ ᠪᠠ ᠲᠥᠬᠦᠭᠡᠷᠦᠮᠵᠢ ᠶᠢ ᠲᠤᠬᠢᠷᠠᠭᠤᠯᠤᠨ ᠪᠣᠷᠳᠣᠭᠤᠷ ᠣᠷᠣᠭᠤᠯᠬᠤ ᠦᠢᠯᠡᠴᠢᠯᠡᠭᠡ ᠬᠠᠩᠭᠠᠵᠤ᠂ ᠰᠠᠴᠤᠬᠤ ᠮᠠᠰᠢᠨ ᠢᠶᠠᠷ ᠲᠠᠷᠢᠶᠠᠴᠢᠨ ᠡᠷᠦᠬᠡ ᠶᠢ ᠬᠠᠪᠰᠤᠷᠤᠨ ᠣᠷᠭᠠᠨᠢᠭ ᠪᠣᠷᠳᠣᠭᠤᠷ ᠢ ᠭᠠᠵᠠᠷ ᠲᠤ ᠰᠠᠴᠤᠵᠤ᠂ ᠭᠠᠵᠠᠷ ᠰᠢᠷᠣᠢ ᠶᠢᠨ ᠰᠢᠮ᠎ᠡ ᠲᠡᠵᠢᠭᠡᠯ ᠢ ᠭᠦᠢᠴᠡᠳ ᠰᠢᠩᠭᠡᠭᠡᠨ ᠠᠪᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ ᠡᠷᠭᠢᠨ ᠲᠣᠭᠤᠷᠢᠨ ᠤ ᠰᠢᠶᠠᠩ ᠪᠠᠯᠭᠠᠰᠤᠨ ᠤ ᠣᠷᠭᠠᠨᠢᠭ ᠪᠣᠷᠳᠣᠭᠤᠷ ᠬᠤᠳᠠᠯᠳᠤᠨ ᠠᠪᠴᠤ ᠪᠠᠶᠢᠭ᠎ᠠ ᠲᠠᠷᠢᠶᠠᠴᠢᠨ ᠡᠷᠦᠬᠡ ᠳᠤ ᠰᠦᠢᠳᠬᠡᠯ ᠬᠤᠷᠢᠶᠠᠬᠤ ᠦᠭᠡᠢ ᠪᠠᠷ ᠲᠣᠬᠢᠷᠠᠭᠤᠯᠤᠨ ᠬᠦᠷᠭᠡᠵᠦ᠂ ᠬᠤᠳᠠᠯᠳᠤᠨ ᠠᠪᠤᠭᠴᠢ ᠳᠤ ᠳᠥᠭᠦᠮ ᠦᠵᠡᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠦᠢᠯᠡᠳᠪᠦᠷᠢᠯᠡᠯ ᠳᠤ ᠭᠦᠢᠴᠡᠳ ᠪᠡᠯᠡᠳᠬᠡᠯ ᠬᠢᠪᠡ᠃   
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号