| | ᠣᠶᠢᠷ᠎ᠠ ᠳᠤ᠂ ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤ ᠪᠥᠬᠦ ᠪᠠᠯᠭᠠᠰᠤᠨ ᠤ ᠬᠡᠪᠴᠢᠶᠡᠨ ᠳᠤ ᠣᠷᠴᠢᠨ | ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠡᠬᠢᠯᠡᠭᠦᠯᠵᠦ᠂ ᠴᠣ ᠰᠢᠨ᠎ᠡ | ᠳᠦᠷᠰᠦ ᠪᠠᠶᠢᠳᠠᠯ ᠢᠶᠠᠷ ᠦᠵᠡᠰᠬᠦᠯᠡᠩᠲᠦ ᠰᠠᠶᠢᠬᠠᠨ ᠰᠢᠨ᠎ᠡ ᠬᠥᠳᠡᠭᠡ ᠲᠣᠰᠬᠤᠨ ᠪᠣᠯᠵᠤ ᠬᠤᠪᠢᠷᠠᠪᠠ᠃ ᠲᠣᠰ | ᠤᠳᠠᠭᠠᠨ ᠤ ᠠᠵᠢᠯᠯᠠᠭ᠎ᠠ ᠳᠤ ᠰᠢᠨ᠎ᠡ ᠶᠢ ᠡᠭᠦᠳᠬᠦ ᠵᠠᠭᠪᠤᠷ ᠢ ᠬᠡᠷᠡᠭᠯᠡᠵᠦ᠂ ᠪᠥᠬᠦ ᠪᠠᠯᠭᠠᠰᠤᠨ ᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠲᠤᠰᠬᠠᠶ ᠮᠡᠷᠭᠡᠵᠢᠯ ᠤᠨ ᠭᠤᠷᠪᠠᠳᠠᠬᠢ ᠡᠲᠡᠭᠡᠳ ᠤᠨ ᠪᠦᠯᠬᠦᠮ ᠳᠤ | ᠲᠤᠰᠢᠶᠠᠨ ᠬᠠᠷᠢᠭᠤᠴᠠᠭᠤᠯᠤᠨ᠂ ᠭᠠᠴᠠᠭ᠎ᠠ ᠲᠣᠰᠬᠤᠨ ᠤ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ | ᠬᠦᠴᠦᠨ ᠢᠶᠠᠨ ᠡᠮᠬᠢᠯᠡᠨ ᠨᠡᠶᠢᠯᠡᠭᠦᠯᠦᠨ᠂ ᠪᠠᠯᠠ ᠮᠥᠩᠭᠦ ᠶᠢ ᠠᠷᠪᠢᠯᠠᠵᠤ᠂ ᠰᠢᠨᠵᠢᠯᠡᠬᠦ ᠤᠬᠠᠭᠠᠨᠴᠢ᠂ ᠥᠨᠳᠥᠷ | ᠪᠦᠲᠦᠮᠵᠢᠲᠡᠶ ᠠᠷᠭ᠎ᠠ ᠮᠠᠶ᠋ᠢᠭ ᠢᠶᠠᠷ ᠣᠷᠴᠢᠨ ᠲᠣᠭᠤᠷᠢᠨ ᠤ ᠳᠦᠷᠰᠦ ᠪᠠᠶᠢᠳᠠᠯ ᠢ ᠪᠥᠬᠦ ᠲᠠᠯ᠎ᠠ ᠪᠠᠷ | ᠰᠠᠶᠢᠵᠢᠷᠠᠭᠤᠯᠬᠤ ᠪᠠᠷ ᠴᠢᠷᠮᠠᠶᠢᠵᠠᠢ᠃ | | | | | ᠡᠮᠦᠨᠡᠬᠢ ᠬᠤᠭᠤᠴᠠᠭᠠᠨ ᠳᠤ᠂ ᠭᠡᠭᠡᠨᠰᠦ᠋ᠮ᠎ᠡ ᠪᠠᠯᠭᠠᠰᠤᠨ ᠤ ᠵᠠᠰᠠᠭ ᠤᠨ ᠣᠷᠳᠣᠨ ᠭᠦᠨᠵᠡᠭᠡᠶ ᠪᠠᠶᠢᠴᠠᠭᠠᠨ | ᠰᠤᠳᠤᠯᠤᠯᠲᠠ ᠪᠠ ᠨᠠᠷᠢᠨ ᠨᠢᠮᠪᠠᠶ ᠪᠡᠯᠡᠳᠬᠡᠯ ᠬᠢᠬᠦ ᠪᠠᠷ ᠳᠡᠮᠵᠢᠨ᠂ ᠴᠡᠭᠴᠡᠯᠡᠨ ᠵᠠᠰᠠᠬᠤ ᠭᠤᠤᠯᠳᠠᠯᠭ᠎ᠠ ᠪᠠ | ᠠᠬᠢᠭᠤᠯᠬᠤ ᠲᠥᠯᠥᠪᠯᠡᠭᠡ ᠶᠢ ᠲᠣᠳᠣᠷᠬᠠᠶᠢᠯᠠᠪᠠ᠃ ᠲᠣᠰ ᠤᠳᠠᠭᠠᠨ ᠤ ᠠᠵᠢᠯᠯᠠᠭ᠎ᠠ ᠨᠢ ︽ᠲᠦᠢᠯᠪᠤᠷᠢᠲᠠᠢ | ᠪᠠᠶᠢᠴᠠᠭᠠᠬᠤ︾ ᠪᠠᠷ ᠡᠬᠢᠯᠡᠯᠲᠡ ᠪᠣᠯᠭᠠᠵᠤ᠂ ᠪᠥᠬᠦ ᠪᠠᠯᠭᠠᠰᠤᠨ ᠤ ᠬᠡᠪᠴᠢᠶᠡᠨ ᠳᠠᠬᠢ ᠡᠷᠡᠭᠦᠯ ᠬᠠᠮᠠᠭᠠᠯᠠᠯ ᠤᠨ ᠥᠯᠥ | ᠣᠨᠣᠭᠳᠠᠬᠤ ᠭᠠᠵᠠᠷ᠂ 302 ᠮᠤᠵᠢ ᠶᠢᠨ ᠵᠠᠮ ᠳᠠᠭᠠᠤ ᠶᠢᠨ ᠬᠤᠶᠠᠷ ᠬᠠᠵᠠᠭᠤ ᠶᠢ ᠪᠥᠬᠦ ᠲᠠᠯ᠎ᠠ ᠪᠠᠷ ᠵᠢᠭᠰᠠᠭᠠᠨ | ᠪᠠᠶᠢᠴᠠᠭᠠᠵᠤ ᠴᠡᠪᠡᠷᠯᠡᠪᠡ᠃ ᠣᠳᠣᠬᠠᠨ ᠳᠤ᠂ ᠭᠤᠷᠪᠠᠳᠠᠬᠢ ᠡᠲᠡᠭᠡᠳ ᠤᠨ ᠪᠦᠯᠬᠦᠮ ᠶᠠᠭ ᠭᠠᠴᠠᠭ᠎ᠠ ᠲᠣᠰᠬᠤᠨ | ᠳᠠᠷᠠᠭᠠᠯᠠᠨ ᠠᠬᠢᠭᠤᠯᠵᠤ᠂ ᠴᠡᠪᠡᠷᠯᠡᠬᠦ ᠡᠩᠨᠡᠭᠡ ᠲᠤᠬᠠᠶ ᠶᠢᠨ ᠲᠠᠯᠠᠪᠤᠷ ᠲᠤ ᠭᠦᠨᠵᠡᠭᠡᠶᠢᠷᠡᠨ᠂ ᠲᠣᠮᠣ ᠬᠡᠯᠪᠡᠷᠢ ᠶᠢᠨ | ᠮᠠᠰᠢᠨ ᠮᠧᠬᠠᠨᠢᠭ ᠪᠠ ᠬᠥᠮᠦᠨ ᠤ ᠬᠦᠴᠦᠨ ᠢ ᠬᠥᠳᠡᠯᠭᠡᠨ ᠬᠡᠷᠡᠭᠯᠡᠵᠦ᠂ ᠡᠯ᠎ᠡ ᠲᠥᠷᠥᠯ ᠤᠨ ᠬᠤᠭ ᠨᠣᠪᠰᠢ ᠶᠢ | ᠰᠢᠢᠳᠪᠦᠷᠢᠯᠡᠬᠦ ᠪᠠ ᠴᠡᠪᠡᠷᠯᠡᠨ ᠲᠡᠭᠡᠭᠡᠪᠦᠷᠢᠯᠡᠵᠦ᠂ ︽ᠪᠤᠵᠠᠷ ᠡᠷᠤᠢ ᠬᠤᠷᠤᠢ ᠦᠭᠡᠢ ᠪᠠᠷᠤᠭᠲᠠᠶ︾ ᠦᠵᠡᠭᠳᠡᠯ ᠢ | ᠲᠦᠢᠯᠪᠤᠷᠢᠲᠠᠶ ᠠᠷᠢᠯᠭᠠᠵᠤ᠂ ᠭᠡᠭᠡᠨᠰᠦ᠋ᠮ᠎ᠡ ᠪᠠᠯᠭᠠᠰᠤ ᠰᠢᠨ᠎ᠡ ᠳᠦᠷᠢ ᠳᠦᠷᠬᠦ ᠲᠠᠢ ᠪᠣᠯᠪᠠ᠃ | | | | | ᠲᠣᠰ ᠤᠳᠠᠭᠠᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠨᠢ ᠬᠥᠳᠡᠭᠡ ᠲᠣᠰᠬᠤᠨ ᠤ | ᠣᠷᠴᠢᠨ ᠲᠣᠭᠤᠷᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠦᠴᠦᠲᠡᠶ ᠦᠶ᠋ᠯᠡᠳᠦᠯᠭᠡᠵᠢᠭᠦᠯᠦᠭᠰᠡᠨ | ᠶᠠᠪᠤᠳᠠᠯ ᠪᠣᠯᠤᠨ᠎ᠠ᠃ ᠭᠤᠷᠪᠠᠳᠠᠬᠢ ᠢᠲᠡᠭᠡᠳ ᠤᠨ ᠲᠤᠰᠬᠠᠶ ᠮᠡᠷᠭᠡᠵᠢᠯ ᠤᠨ ᠬᠦᠴᠦᠨ ᠢ ᠣᠷᠣᠭᠤᠯᠤᠨ | ᠠᠪᠴᠢᠷᠠᠬᠤ ᠪᠠᠷ ᠳᠠᠮᠵᠢᠨ᠂ ᠣᠷᠳᠣ ᠬᠤᠭᠤᠴᠠᠭᠠᠨ ᠤ ᠪᠦᠲᠦᠮᠵᠢᠲᠡᠶ ᠣᠷᠴᠢᠨ ᠠᠬᠤᠶ ᠶᠢᠨ ᠬᠠᠮᠢᠶᠠᠷᠤᠯᠲᠠ ᠶᠢᠨ | ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠬᠥᠳᠡᠭᠡ ᠲᠣᠰᠬᠤᠨ ᠤ ᠣᠷᠴᠢᠨ ᠠᠬᠤᠶ ᠶᠢ ᠨᠠᠩ ᠴᠡᠪᠡᠷ | ᠴᠡᠮᠴᠡᠭᠡᠷ᠂ ᠭᠤᠶᠢᠳᠠ ᠰᠠᠶᠢᠬᠠᠨ ᠪᠣᠯᠭᠠᠵᠤ᠂ ᠭᠠᠴᠠᠭ᠎ᠠ ᠲᠣᠰᠬᠤᠨ ᠤ ᠠᠷᠠᠳ ᠲᠤ ᠣᠷᠣᠰᠢᠨ ᠰᠠᠭᠤᠷᠢᠰᠢᠬᠤ ᠳᠤ | ᠲᠣᠬᠢᠷᠠᠮᠵᠢᠲᠠᠶ ᠠᠮᠢᠳᠤᠷᠠᠯ ᠤᠨ ᠣᠷᠴᠢᠨ ᠨᠥᠬᠦᠴᠡᠯ ᠢ ᠪᠣᠶ ᠪᠣᠯᠭᠠᠵᠤ ᠥᠭᠬᠦ ᠪᠣᠯᠤᠨ᠎ᠠ᠃ | | | | | ᠳᠠᠷᠠᠭᠠᠴᠢ ᠶᠢᠨ ᠠᠯᠬᠤᠮ ᠳᠤ᠂ ᠭᠡᠭᠡᠨᠰᠦ᠋ᠮ᠎ᠡ ᠪᠠᠯᠭᠠᠰᠤ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ | ᠪᠠᠬᠢᠵᠢᠭᠦᠯᠵᠦ᠂ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠦᠵᠡᠰᠬᠦᠯᠡᠩᠲᠦ ᠰᠠᠶᠢᠬᠠᠨ ᠰᠠᠭᠤᠷᠢ ᠦᠩᠬᠡ ᠪᠣᠯᠭᠠᠨ᠎ᠠ︕ | |