| ᠲᠤᠰᠬᠤᠨ ᠤ ᠠᠷᠠᠳ ᠤᠨ ᠤᠷᠤᠯᠭ᠎ᠠ ᠪᠠᠨ ᠨᠡᠮᠡᠭᠳᠡᠬᠦᠯᠬᠦ ᠵᠠᠮ ᠢ ᠦᠷᠭᠡᠳᠭᠡᠨ᠂ ᠬᠦᠳᠡᠭᠡ ᠲᠤᠰᠬᠤᠨ ᠤ | ᠠᠵᠤ ᠦᠢᠯᠡᠰ ᠤᠨ ᠬᠦᠭᠵᠢᠯᠳᠠ ᠶᠢ ᠠᠬᠢᠭᠤᠯᠬᠤ ᠪᠠᠷ᠂ ᠤᠯᠠᠭᠠᠨᠬᠤᠳᠠ ᠶᠢᠨ ᠭᠡᠭᠡᠨᠰᠦ᠋ᠮ᠎ᠠ ᠪᠠᠯᠭᠠᠰᠤ ᠲᠤᠬᠠᠢ ᠶᠢᠨ | ᠭᠠᠵᠠᠷ ᠤᠨ ᠡᠬᠢ ᠪᠠᠶᠠᠯᠢᠭ ᠲᠠᠭᠠᠨ ᠰᠠᠭᠤᠷᠢᠯᠠᠨ ᠤᠯᠠᠨ ᠲᠦᠮᠡᠨ ᠤ ᠱᠠᠭᠠᠷᠳᠠᠯᠭ᠎ᠠ ᠲᠠᠢ ᠤᠶᠠᠯᠳᠤᠭᠤᠯᠵᠤ᠂ ᠬᠢᠩᠭᠠᠨ | ᠠᠶᠢᠮᠠᠭ ᠤᠨ ᠶᠢᠨ ᠼᠤᠤ ᠤᠯᠠᠮᠵᠢᠯᠠᠯᠳᠤ ᠠᠵᠢᠯ ᠮᠡᠷᠭᠡᠵᠢᠯ ᠤᠨ ᠪᠤᠯᠪᠠᠰᠤᠷᠠᠯ ᠤᠨ ᠰᠤᠷᠭᠠᠭᠤᠯᠢ ᠲᠠᠢ ᠬᠠᠮᠳᠤᠷᠠᠨ ᠭᠠᠷ | ᠤᠷᠠᠯᠠᠯ ᠤᠨ ᠬᠦᠷᠤᠬᠦ ᠮᠡᠷᠭᠡᠵᠢᠯ ᠤᠨ ᠪᠤᠯᠪᠠᠰᠤᠷᠠᠯ ᠤᠨ ᠠᠩᠬᠢ ᠡᠷᠬᠢᠯᠡᠵᠤ᠂ 30 ᠭᠠᠷᠤᠢ ᠲᠤᠰᠬᠤᠨ ᠤ ᠠᠷᠠᠳ | ᠤᠷᠤᠯᠴᠠᠭᠰᠠᠨ ᠪᠠᠶᠢᠨ᠎ᠠ᠃ | ᠲᠤᠰ ᠤᠳᠠᠭᠠᠨ ᠤ ᠪᠤᠯᠪᠠᠰᠤᠷᠠᠯ ᠤᠨ ᠠᠩᠬᠢ ᠨᠢ ︽ᠤᠨᠤᠯ + ᠪᠤᠳᠠᠳᠤ ᠦᠢᠯᠡᠳᠤᠯᠭᠡ︾ ᠶᠢᠨ ᠵᠢᠭᠠᠨ | ᠰᠤᠷᠭᠠᠯᠳᠠ ᠶᠢᠨ ᠬᠡᠯᠪᠡᠷᠢ ᠶᠢ ᠠᠰᠢᠭᠯᠠᠨ᠂ 7 ᠡᠳᠤᠷ ᠤᠨ ᠬᠢᠴᠢᠶᠡᠯ ᠳᠡᠭᠡᠨ ᠬᠦᠷᠤᠬᠦ ᠮᠡᠷᠭᠡᠵᠢᠯ᠂ ᠵᠢᠷᠤᠭ | ᠲᠦᠯᠤᠪᠯᠡᠭᠡ ᠵᠡᠷᠭᠡ ᠪᠤᠳᠠᠳᠤ ᠬᠡᠷᠡᠭᠴᠡᠭᠡᠳᠠᠢ ᠠᠭᠤᠯᠭ᠎ᠠ ᠶᠢ ᠬᠠᠮᠤᠷᠴᠤ᠂ ᠲᠤᠰᠬᠠᠢ ᠮᠡᠷᠭᠡᠵᠢᠯ ᠤᠨ ᠪᠠᠭᠰᠢ ᠠᠴᠠ | ᠲᠤᠬᠠᠢ ᠶᠢᠨ ᠲᠠᠯᠠᠪᠠᠢ ᠳᠤ ᠵᠢᠭᠠᠨ ᠵᠢᠯᠤᠭᠤᠳᠤᠯᠭ᠎ᠠ ᠬᠢᠭᠰᠡᠨ ᠪᠠᠶᠢᠨ᠎ᠠ᠃ ᠪᠤᠯᠪᠠᠰᠤᠷᠠᠯ ᠳᠤ ᠬᠡᠷᠡᠭᠯᠡᠭᠰᠡᠨ ᠮᠠᠲ᠋ᠧᠷᠢᠶᠠᠯ ᠢ | ᠪᠦᠷ ᠬᠢᠩᠭᠠᠨ ᠠᠶᠢᠮᠠᠭ ᠤᠨ ᠶᠢᠨ ᠼᠤᠤ ᠤᠯᠠᠮᠵᠢᠯᠠᠯᠳᠤ ᠠᠵᠢᠯ ᠮᠡᠷᠭᠡᠵᠢᠯ ᠤᠨ ᠪᠤᠯᠪᠠᠰᠤᠷᠠᠯ ᠤᠨ ᠰᠤᠷᠭᠠᠭᠤᠯᠢ ᠠᠴᠠ | ᠰᠦᠢᠳᠭᠡᠯ ᠬᠤᠷᠢᠶᠠᠬᠤ ᠦᠭᠡᠢ ᠪᠠᠷ ᠬᠠᠩᠭᠠᠨ ᠦᠭᠴᠤ᠂ ᠲᠤᠰᠬᠤᠨ ᠤ ᠠᠷᠠᠳ ᠤᠨ ᠪᠦᠳᠤᠭᠡᠯ ᠢ ᠨᠢᠭᠡᠳᠤᠯᠳᠠᠢ | ᠬᠤᠳᠠᠯᠳᠤᠨ ᠠᠪᠴᠤ᠂ ︽ᠪᠡᠯᠡ ᠮᠦᠩᠬᠦ ᠵᠠᠷᠤᠴᠠᠭᠤᠯᠬᠤ ᠦᠭᠡᠢ ᠪᠠᠷ ᠮᠡᠷᠭᠡᠵᠢᠯ ᠰᠤᠷᠤᠯᠴᠠᠨ᠂ ᠭᠡᠷ ᠤᠨ | ᠡᠬᠦᠳᠡᠨ ᠳᠡᠭᠡᠨ ᠤᠷᠤᠯᠭ᠎ᠠ ᠪᠠᠨ ᠨᠡᠮᠡᠭᠳᠡᠬᠦᠯᠬᠦ︾ ᠶᠢ ᠦᠨᠡᠨ ᠬᠦ ᠪᠡᠶᠡᠯᠡᠬᠦᠯᠪᠡ᠃ | ᠤᠨᠤᠯ ᠤᠨ ᠵᠢᠭᠠᠨ ᠰᠤᠷᠭᠠᠯᠳᠠ ᠳᠤ ᠪᠠᠭᠰᠢ ᠠᠴᠠ ᠬᠦᠷᠤᠬᠦ ᠮᠡᠷᠭᠡᠵᠢᠯ ᠤᠨ ᠲᠡᠥᠬᠡ᠂ ᠰᠤᠶᠤᠯ ᠤᠨ | ᠦᠷᠳᠡᠭ ᠠᠴᠠ ᠡᠬᠢᠯᠡᠨ ᠶᠠᠷᠢᠵᠤ᠂ ᠬᠦᠷᠤᠬᠦ ᠮᠡᠷᠭᠡᠵᠢᠯ ᠤᠨ ᠰᠠᠭᠤᠷᠢ ᠤᠨᠤᠯᠵᠢᠬᠤᠨ ᠪᠠ ᠲᠦᠯᠤᠪᠯᠡᠭᠡ ᠶᠢᠨ ᠤᠨᠤᠯ ᠢ | ᠲᠠᠨᠢᠯᠴᠠᠭᠤᠯᠪᠠ᠃ ᠪᠠᠭᠰᠢ ᠠᠴᠠ ᠪᠠᠰᠠ ᠵᠠᠬ᠎ᠠ ᠲᠡᠯᠭᠡᠬᠦᠷ ᠤᠨ ᠱᠠᠭᠠᠷᠳᠠᠯᠭ᠎ᠠ ᠲᠠᠢ ᠤᠶᠠᠯᠳᠤᠭᠤᠯᠤᠨ ᠭᠠᠷ | ᠤᠷᠠᠯᠠᠯ ᠤᠨ ᠬᠦᠷᠤᠮᠠᠯ ᠤᠨ ᠪᠦᠳᠤᠭᠡᠭᠳᠡᠬᠦᠨ ᠤ ᠵᠠᠬ᠎ᠠ ᠲᠡᠯᠭᠡᠬᠦᠷ ᠤᠨ ᠦᠨ᠎ᠠ ᠦᠷᠳᠡᠭ ᠪᠠ ᠪᠤᠷᠤᠯᠠᠭᠤᠭᠠ ᠶᠢᠨ | ᠵᠠᠮ ᠢ ᠰᠤᠳᠤᠯᠵᠤ᠂ ᠲᠤᠰᠬᠤᠨ ᠤ ᠠᠷᠠᠳ ᠤᠨ ︽ᠮᠡᠷᠭᠡᠵᠢᠯ ᠢᠶᠠᠷ ᠤᠷᠤᠯᠭ᠎ᠠ ᠪᠠᠨ ᠨᠡᠮᠡᠭᠳᠡᠬᠦᠯᠬᠦ︾ ᠢᠳᠡᠭᠡᠯ ᠢ | ᠱᠤᠭᠤᠭᠰᠠᠨ ᠪᠠᠶᠢᠨ᠎ᠠ᠃ | ︽ᠤᠤᠯ ᠳᠠᠭᠠᠨ ᠭᠠᠷ ᠤᠷᠠᠯᠠᠯ ᠤᠨ ᠬᠦᠷᠤᠬᠦ ᠮᠡᠷᠭᠡᠵᠢᠯ ᠢ ᠵᠦᠪᠬᠡᠨ ᠲᠤᠷ᠎ᠠ ᠪᠠᠬ᠎ᠠ ᠭᠡᠵᠤ ᠪᠤᠳᠤᠵᠤ | ᠪᠠᠶᠢᠵᠠᠢ᠂ ᠡᠬᠦᠨ ᠢᠶᠠᠷ ᠪᠠᠰᠠ ᠤᠷᠤᠯᠭ᠎ᠠ ᠪᠠᠨ ᠨᠡᠮᠡᠭᠳᠡᠬᠦᠯᠵᠤ ᠴᠢᠳᠠᠬᠤ ᠶᠢ ᠪᠤᠳᠤᠵᠤ ᠤᠯᠤᠭᠰᠠᠨ ᠦᠭᠡᠢ︾ ᠭᠡᠵᠤ | ᠪᠤᠯᠪᠠᠰᠤᠷᠠᠯ ᠳᠤ ᠤᠷᠤᠯᠴᠠᠭᠰᠠᠨ ᠲᠤᠰᠬᠤᠨ ᠤ ᠠᠷᠠᠳ ᠢᠥᠢ ᠤᠪᠤᠬᠳᠤ ᠠᠴᠠ ᠪᠠᠶᠠᠷᠯᠠᠨ ᠶᠠᠷᠢᠨ᠎ᠠ᠃ | ᠪᠤᠯᠪᠠᠰᠤᠷᠠᠯ ᠢᠶᠠᠷ ᠲᠠᠮᠵᠢᠨ᠂ ᠲᠤᠰᠬᠤᠨ ᠤ ᠠᠷᠠᠳ ᠰᠢᠨ᠎ᠠ ᠮᠡᠷᠭᠡᠵᠢᠯ ᠢ ᠰᠤᠷᠤᠯᠴᠠᠭᠰᠠᠨ ᠢᠶᠠᠷ ᠪᠠᠷᠠᠬᠤ ᠦᠭᠡᠢ᠂ | ᠵᠠᠬ᠎ᠠ ᠲᠡᠯᠭᠡᠬᠦᠷ ᠤᠨ ᠱᠠᠭᠠᠷᠳᠠᠯᠭ᠎ᠠ ᠲᠠᠢ ᠵᠤᠯᠭᠠᠭᠤᠯᠵᠤ ᠭᠠᠷ ᠤᠷᠠᠯᠠᠯ ᠤᠨ ᠮᠡᠷᠭᠡᠵᠢᠯ ᠢᠶᠠᠷ ᠤᠷᠤᠯᠭ᠎ᠠ ᠪᠠᠨ | ᠨᠡᠮᠡᠭᠳᠡᠬᠦᠯᠬᠦ ᠪᠤᠯᠪᠠ᠃ | ᠮᠡᠷᠭᠡᠵᠢᠯ ᠤᠨ ᠪᠤᠯᠪᠠᠰᠤᠷᠠᠯ ᠪᠤᠯ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠶᠢᠨ ᠴᠢᠬᠤᠯᠠ | ᠭᠠᠷᠳᠠᠴᠠ ᠪᠤᠯᠤᠨ᠎ᠠ᠂ ᠭᠡᠭᠡᠨᠰᠦ᠋ᠮ᠎ᠠ ᠪᠠᠯᠭᠠᠰᠤ ᠦᠷᠬᠦᠯᠵᠢᠯᠡᠨ ᠲᠤᠰᠬᠤᠨ ᠤ ᠠᠷᠠᠳ ᠤᠨ ᠱᠠᠭᠠᠷᠳᠠᠯᠭ᠎ᠠ ᠶᠢᠨ | ᠲᠤᠭᠤᠷᠢᠨ ᠳᠤ᠂ ᠨᠡᠩ ᠤᠯᠠᠨ ᠮᠡᠷᠭᠡᠵᠢᠯ ᠤᠨ ᠪᠤᠯᠪᠠᠰᠤᠷᠠᠯ ᠦᠷᠨᠢᠬᠦᠯᠵᠤ᠂ ᠲᠤᠰᠬᠤᠨ ᠤ ᠠᠷᠠᠳ ᠤᠨ ᠲᠤᠳᠤᠭᠠᠳᠤ | ᠠᠮᠢᠵᠢᠷᠠᠯ ᠤᠨ ᠬᠦᠴᠤᠨ ᠢ ᠤᠷᠮᠠᠰᠢᠭᠤᠯᠵᠤ ᠪᠠᠶᠢᠨ᠎ᠠ᠃ ᠵᠧᠩ ᠱᠤᠸᠠᠩ ᠮᠡᠳᠡᠭᠡᠯᠡᠪᠡ |