| ᠰᠢᠨ᠎ᠠ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠪᠠᠷ᠂ ᠤᠯᠠᠭᠠᠨᠬᠤᠲᠠ ᠶᠢᠨ ᠬᠠᠤᠯᠢ ᠴᠠᠭᠠᠵᠠ ᠶᠢᠨ | ᠲᠣᠪᠴᠢᠶ᠎ᠠ ᠶᠢᠨ ᠠᠶᠢᠬᠦ᠋ᠸᠧ ᠬᠠᠤᠯᠢ ᠴᠠᠭᠠᠵᠠ ᠶᠢᠨ ᠭᠠᠵᠠᠷ ᠤᠯᠠᠭᠠᠨᠬᠤᠲᠠ ᠶᠢᠨ ᠵᠠᠯᠠᠭᠤᠴᠤᠳ ᠤᠨ ᠨᠡᠶᠢᠭᠡᠮ ᠤᠨ | ᠠᠵᠢᠯᠲᠠᠨ ᠤ ᠦᠢᠯᠡᠴᠢᠯᠡᠭᠡᠨ ᠤ ᠲᠥᠪ ᠲᠠᠢ ᠬᠠᠮᠲᠤᠷᠠᠨ᠂ ᠠᠶᠢᠬᠦ᠋ᠸᠧ ᠬᠤᠶᠠᠳᠤᠭᠠᠷ ᠪᠠᠭ᠎ᠠ ᠰᠤᠷᠭᠠᠭᠤᠯᠢ ᠳᠤ | ᠬᠦᠷᠴᠦ᠂ ᠪᠥᠬᠦ ᠰᠤᠷᠭᠠᠭᠤᠯᠢ ᠶᠢᠨ 13 ᠠᠩᠭᠢ ᠶᠢᠨ 500 ᠭᠠᠷᠤᠶ ᠰᠤᠷᠤᠭᠴᠢ ᠳᠤ ᠬᠠᠤᠯᠢ ᠴᠠᠭᠠᠵᠠ ᠶᠢᠨ | ᠮᠡᠳᠡᠯᠭᠡ ᠶᠢᠨ ᠳᠠᠶᠢᠯᠤᠮᠵᠢ ᠬᠢᠪᠡ᠃ | ᠠᠵᠢᠯᠯᠠᠭ᠎ᠠ ᠳᠤ᠂ ᠬᠠᠤᠯᠢ ᠴᠠᠭᠠᠵᠠ ᠶᠢᠨ ᠠᠵᠢᠯᠳᠡᠨ ᠠᠮᠢᠳᠤᠯᠢᠭ ᠳᠦᠷᠰᠦᠯᠢᠭ ᠭᠡᠷᠡᠯ ᠵᠢᠷᠤᠭ᠂ | ᠰᠣᠨᠢᠷᠬᠠᠯᠲᠠᠶ ᠲᠣᠭᠯᠠᠭᠠᠮ ᠢᠶᠠᠷ ᠬᠦᠳᠡᠯᠦᠯᠴᠡᠬᠦ ᠠᠷᠭ᠎ᠠ ᠭᠡᠯᠪᠡᠷᠢ ᠪᠠᠷ ᠬᠠᠮᠢᠶ᠎ᠠ ᠪᠦᠬᠦᠢ ᠬᠠᠤᠯᠢ ᠴᠠᠭᠠᠵᠠ ᠶᠢᠨ | ᠮᠡᠳᠡᠯᠭᠡ ᠶᠢ ᠳᠠᠶᠢᠯᠪᠤᠷᠢᠯᠠᠨ ᠤᠯᠠᠮᠵᠢᠯᠠᠪᠡ᠃ ᠳᠠᠷᠤᠢ ᠰᠤᠷᠭᠠᠭᠤᠯᠢ ᠶᠢᠨ ᠬᠦᠷᠢᠶᠡᠨ ᠤ ᠳᠤᠷᠤᠮᠵᠢᠯᠠᠯ᠂ ᠬᠦᠴᠦᠷᠭᠡᠭᠯᠡᠯ᠂ | ᠬᠤᠪᠢ ᠶᠢᠨ ᠨᠢᠭᠤᠴᠠ ᠶᠢ ᠬᠠᠮᠠᠭᠠᠯᠠᠬᠤ᠂ ᠬᠠᠯᠳᠠᠯᠭ᠎ᠠ ᠳᠤ ᠤᠴᠠᠷᠠᠬᠤ ᠦᠶ᠎ᠡ ᠳᠤ ᠬᠡᠷᠬᠢᠨ ᠠᠷᠭᠠᠴᠠᠭᠠᠬᠤ ᠶᠢ | ᠭᠦᠨᠵᠡᠭᠡᠶ ᠳᠠᠶᠢᠯᠪᠤᠷᠢᠯᠠᠨ ᠣᠶᠢᠯᠠᠭᠠᠭᠤᠯᠬᠤ ᠪᠠᠷ ᠳᠠᠮᠵᠢᠭᠤᠯᠤᠨ᠂ ᠰᠤᠷᠤᠬᠴᠢᠳ ᠤᠨ ᠠᠶᠤᠯ ᠲᠦᠭᠰᠢᠬᠦᠷᠢ ᠶᠢ | ᠠᠷᠭᠠᠴᠠᠭᠠᠨ᠂ ᠦᠪᠡᠷ ᠢ ᠪᠠᠨ ᠬᠠᠮᠠᠭᠠᠯᠠᠬᠤ ᠶᠢ ᠠᠬᠢᠭᠤᠯᠵᠠᠢ᠃ ᠡᠭᠦᠨ ᠤ ᠬᠠᠮᠳᠤ᠂ ᠠᠶᠢᠬᠦ᠋ᠸᠧ ᠬᠠᠤᠯᠢ | ᠴᠠᠭᠠᠵᠠ ᠶᠢᠨ ᠭᠠᠵᠠᠷ ᠤᠨ ᠠᠵᠢᠯᠲᠠᠨ ᠰᠤᠷᠤᠭᠴᠢᠳ ᠲᠤ ︽ᠢᠷᠭᠡᠨ ᠤ ᠬᠠᠤᠯᠢ ᠶᠢᠨ ᠪᠢᠴᠢᠭ ᠢ ᠰᠤᠷᠭᠠᠭᠤᠯᠢ ᠶᠢᠨ | ᠬᠦᠷᠢᠶᠡᠨ ᠳᠤ ᠬᠦᠷᠬᠡᠬᠦ︾ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠭᠰᠠᠨ ᠪᠥᠭᠡᠳ ᠭᠠᠷ | ᠳᠡᠪᠲᠡᠷ ᠤᠨ ᠠᠭᠤᠯᠭ᠎ᠠ ᠲᠠᠢ ᠤᠶᠠᠯᠳᠤᠭᠤᠯᠤᠨ᠂ ᠨᠡᠶᠢᠲᠡᠯᠢᠭ ᠬᠡᠷᠡᠭ ᠤᠨ ᠵᠢᠱᠢᠶ᠎ᠡ ᠪᠠᠷ ᠭᠠᠷᠳᠠᠴᠨ ᠪᠤᠯᠭᠠᠵᠦ᠂ | ᠨᠠᠰᠤᠨ ᠳᠤ ᠥᠯᠥ ᠭᠦᠷᠦᠭᠰᠡᠳ ᠤᠨ ᠠᠮᠤᠷ ᠲᠦᠪᠰᠢᠨ ᠳᠤ ᠬᠤᠯᠪᠣᠭᠳᠠᠬᠤ ᠬᠠᠤᠯᠢ ᠴᠠᠭᠠᠵᠠ ᠶᠢᠨ ᠠᠭᠤᠯᠭ᠎ᠠ ᠶᠢ | ᠭᠤᠤᠯᠳᠠᠯᠭ᠎ᠠ ᠲᠠᠢ ᠲᠠᠶᠢᠯᠪᠤᠷᠢᠯᠠᠨ ᠥᠭᠴᠦ᠂ ᠰᠤᠷᠤᠭᠴᠢᠳ ᠢ ᠬᠠᠪᠰᠤᠷᠤᠨ ᠨᠠᠰᠤᠨ ᠳᠤ ᠥᠯᠥ ᠭᠦᠷᠦᠭᠰᠡᠳ ᠤᠨ | ᠣᠨᠴᠠᠭᠠᠶ ᠬᠠᠮᠠᠭᠠᠯᠠᠯᠲᠠ ᠵᠢᠴᠢ ᠨᠠᠰᠤᠨ ᠳᠤ ᠥᠯᠥ ᠭᠦᠷᠦᠭᠰᠡᠳ ᠤᠨ ᠡᠷᠬᠡ ᠠᠰᠢᠭ ᠢ ᠬᠤᠬᠢᠷᠠᠭᠤᠯᠬᠤ ᠳᠤ ᠬᠦᠷᠪᠡᠯ | ᠶᠠᠮᠠᠷ ᠬᠠᠤᠯᠢ ᠴᠠᠭᠠᠵᠠ ᠶᠢᠨ ᠦᠷ᠎ᠡ ᠳ᠋ᠦᠩ ᠳᠤ ᠬᠦᠷᠬᠦ ᠶᠢ ᠭᠦᠨᠵᠡᠭᠡᠶ ᠲᠠᠨᠢᠭᠤᠯᠵᠤ᠂ ᠨᠠᠰᠤᠨ ᠳᠤ ᠥᠯᠥ | ᠭᠦᠷᠦᠭᠰᠡᠳ ᠤᠨ ᠬᠠᠯᠳᠠᠯᠭ᠎ᠠ ᠳᠤ ᠤᠴᠠᠷᠠᠭᠰᠠᠨ ᠤ ᠳᠠᠷᠠᠭᠠᠬᠢ ᠡᠷᠬᠡ ᠪᠠᠨ ᠬᠠᠮᠠᠭᠠᠯᠠᠬᠤ ᠠᠷᠭ᠎ᠠ ᠵᠠᠮ ᠢ ᠨᠠᠷᠢᠨ | ᠲᠠᠨᠢᠯᠴᠠᠭᠤᠯᠵᠤ᠂ ᠰᠤᠷᠤᠭᠴᠢᠳ ᠢ ᠬᠥᠲᠥᠯᠦᠨ ᠵᠢᠯᠣᠭᠤᠳᠴᠤ ᠪᠠᠶᠢᠭᠠᠳ ᠬᠠᠤᠯᠢ ᠴᠠᠭᠠᠵᠠ ᠶᠢᠨ ᠵᠡᠪᠰᠡᠭ ᠢᠶᠠᠷ ᠲᠣᠰ | ᠪᠡᠶ᠎ᠡ ᠶᠢᠨ ᠡᠷᠬᠡ ᠠᠰᠢᠭ ᠢᠶᠠᠨ ᠬᠠᠮᠠᠭᠠᠯᠠᠬᠤ ᠶᠢ ᠰᠤᠷᠳᠠᠯᠴᠢᠯᠠᠪᠠ᠃ | ᠳᠤᠰ ᠤᠳᠠᠭᠠᠨ ᠤ ᠠᠵᠢᠯᠯᠠᠭ᠎ᠠ ᠨᠢ ᠠᠶᠢᠬᠦ᠋ᠸᠧ ᠬᠠᠤᠯᠢ ᠴᠠᠭᠠᠵᠠ ᠶᠢᠨ ᠭᠠᠵᠠᠷ ᠪᠣᠯᠤᠨ | ᠤᠯᠠᠭᠠᠨᠬᠤᠲᠠ ᠶᠢᠨ ᠵᠠᠯᠠᠭᠤᠴᠤᠳ ᠤᠨ ᠨᠡᠶᠢᠭᠡᠮ ᠤᠨ ᠠᠵᠢᠯᠳᠠᠨ ᠤ ᠦᠢᠯᠡᠴᠢᠯᠡᠭᠡᠨ ᠤ ᠲᠥᠪ ᠬᠠᠮᠲᠤᠪᠠᠷ ᠨᠠᠰᠤᠨ ᠳᠤ | ᠦᠯᠦ ᠬᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠰᠠᠬᠢᠨ ᠬᠠᠮᠠᠭᠠᠯᠠᠵᠤ ᠪᠠᠶᠢᠭ᠎ᠠ ᠠᠮᠢᠳᠤᠯᠢᠭ | ᠦᠢᠯᠡᠳᠦᠯᠭᠡ ᠪᠤᠯᠬᠤ ᠶᠤᠮ᠃ ᠳᠠᠷᠠᠭᠠᠴᠢ ᠪᠠᠷ᠂ ᠬᠤᠶᠠᠷ ᠳᠠᠯ᠎ᠠ ᠪᠠᠷ ᠢᠶᠠᠨ ᠦᠷᠭᠦᠯᠵᠢᠯᠡᠨ ᠬᠠᠮᠳᠤᠷᠠᠨ᠂ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠥᠮᠦᠵᠢᠯ ᠵᠢᠴᠢ ᠬᠠᠤᠯᠢ ᠪᠠᠷ ᠵᠠᠰᠠᠬᠤ ᠤᠬᠠᠭᠤᠯᠭ᠎ᠠ ᠶᠢᠨ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠨᠠᠰᠤᠨ ᠳᠤ ᠥᠯᠥ ᠭᠦᠷᠦᠭᠰᠡᠳ ᠤᠨ ᠦᠰᠦᠨ ᠪᠤᠶᠢᠵᠢᠯᠲᠠ ᠶᠢ | ᠬᠠᠮᠠᠭᠠᠯᠠᠬᠤ ᠳᠤ ᠬᠠᠤᠯᠢ ᠴᠠᠭᠠᠵᠠ ᠶᠢᠨ ᠪᠠᠳᠤᠯᠠᠭ᠎ᠠ ᠬᠠᠨᠭ᠍ᠭᠠᠵᠤ ᠪᠤᠢ᠃ ︵ᠰᠦᠨ ᠰᠢᠶᠤᠤ ᠵᠢᠩ︶ |