ᠨᠢᠭᠡᠳᠦᠭᠡᠷ ᠱᠦᠵᠢ ᠵᠠᠩ ᠰᠢᠶᠤᠤ ᠸᠧᠶ ᠡᠮᠡᠭᠲᠡᠶᠢᠴᠦᠳ ᠤᠨ ᠬᠦᠴᠦᠨ ᠴᠢᠳᠠᠯ ᠢᠶᠠᠨ ᠪᠠᠳᠠᠷᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠪᠢᠴᠢᠭᠯᠡᠨ᠎ᠡ
ᠨᠡᠶᠢᠲᠡᠯᠡᠭᠰᠡᠨ ᠴᠠᠭ᠄
2025/3/13
        ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤᠨ ᠤ ᠨᠥᠬᠦᠷᠯᠡᠯ ᠭᠠᠴᠠᠭ᠎ᠠ ᠳᠤ᠂ ᠡᠶᠢᠮᠦ ᠨᠢᠭᠡᠨ ᠡᠮᠡᠭᠲᠡᠢ ᠪᠠᠶᠢᠳᠠᠭ᠂ ᠲᠡᠷᠡ ᠤᠶᠠᠨ ᠵᠥᠭᠡᠯᠡᠨ ᠪᠡᠶ᠎ᠡ ᠪᠠᠷ ᠬᠥᠳᠡᠭᠡ ᠲᠣᠰᠬᠤᠨ ᠤ ᠬᠥᠭᠵᠢᠯᠲᠡ ᠶᠢᠨ ᠬᠦᠨᠳᠦ ᠡᠭᠦᠷᠭᠡ ᠶᠢ ᠡᠭᠦᠷᠭᠡᠯᠡᠵᠦ᠂ ᠤᠶᠤᠨ ᠤᠬᠠᠭᠠᠨ ᠪᠠ ᠬᠦᠴᠦ ᠬᠥᠯᠥᠰᠥ ᠪᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠢᠷᠠᠭᠤ ᠭᠠᠶᠢᠬᠠᠮᠰᠢᠭᠲᠤ ᠬᠠᠭᠤᠳᠠᠰᠤ ᠶᠢ ᠪᠢᠴᠢᠭᠯᠡᠨ᠎ᠠ᠂ ᠲᠡᠷᠡ ᠪᠣᠯ ᠳᠠᠷᠤᠢ ᠨᠥᠬᠦᠷᠯᠡᠯ ᠭᠠᠴᠠᠭᠠᠨ ᠤ ᠨᠢᠭᠡᠳᠦᠭᠡᠷ ᠱᠦᠵᠢ - ᠵᠠᠩ ᠰᠢᠶᠤᠤ ᠸᠧᠢ ︵ᠲᠣᠮᠢᠯᠠᠭᠰᠠᠨ ᠪᠠᠶᠢᠭᠤᠯᠭ᠎ᠠ ᠨᠢ ᠤᠯᠠᠭᠠᠨᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ ᠪᠣᠯᠤᠨ᠎ᠠ᠃ ᠨᠢᠭᠡᠳᠦᠭᠡᠷ ᠱᠦᠵᠢ ᠶᠢᠨ ᠲᠤᠰᠢᠶᠠᠯ ᠢ ᠬᠠᠷᠢᠭᠤᠴᠠᠭᠰᠠᠨ ᠠᠴᠠ ᠨᠠᠭᠠᠰᠢ᠂ ᠵᠠᠩ ᠰᠢᠶᠤᠤ ᠸᠧᠶ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠡᠭᠦᠷᠭᠡᠯᠡᠯ ᠪᠠ ᠵᠢᠳᠬᠦᠯ ᠴᠢᠷᠮᠠᠶᠢᠯᠭ᠎ᠠ ᠶᠢ ᠲᠠᠶᠢᠯᠪᠤᠷᠢᠯᠠᠵᠤ᠂ ᠨᠥᠬᠦᠷᠯᠡᠯ ᠭᠠᠴᠠᠭᠠᠨ ᠤ ᠦᠵᠡᠰᠬᠦᠯᠡᠩᠲᠦ ᠰᠠᠶᠢᠬᠠᠨ ᠦᠵᠡᠮᠵᠢ ᠪᠣᠯᠤᠭᠰᠠᠨ ᠪᠠᠶᠢᠨ᠎ᠠ᠃        ᠨᠠᠮ ᠤᠨ ᠪᠠᠶᠢᠭᠤᠯᠤᠯᠲᠠ ᠪᠠᠷ ᠬᠦᠲᠦᠯᠦᠨ ᠳᠠᠭᠠᠭᠤᠯᠵᠤ ᠲᠠᠶᠢᠴᠢᠨ ᠪᠠᠬᠢᠯᠡᠯᠲᠡ ᠶᠢ ᠪᠠᠲᠤ ᠴᠣᠭᠴᠠᠯᠠᠨ᠎ᠠ        ᠬᠥᠳᠡᠭᠡ ᠲᠣᠰᠬᠤᠨ ᠤ ᠠᠵᠢᠯ ᠮᠢᠩᠭ᠎ᠠ ᠲᠦᠮᠡᠨ ᠵᠦᠢᠯ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠰᠠᠶᠢᠲᠤᠷ ᠠᠳᠬᠤᠬᠤ ᠪᠣᠯ ᠵᠠᠩᠭᠢᠯᠠᠭ᠎ᠠ ᠪᠣᠯᠤᠨ᠎ᠠ᠃ ᠵᠠᠩ ᠰᠢᠶᠤᠤ ᠸᠧᠶ ᠲᠤᠰᠢᠶᠠᠯ ᠳᠤ ᠭᠠᠷᠤᠭᠰᠠᠨ ᠤ ᠳᠠᠷᠠᠭ᠎ᠠ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠵᠢᠷᠤᠮᠵᠢᠭᠤᠯᠬᠤ ᠠᠴᠠ ᠭᠠᠷᠳᠠᠵᠤ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠤᠯ ᠰᠡᠳᠦᠪᠲᠦ ᠨᠠᠮ ᠤᠨ ᠡᠳᠦᠷᠯᠢᠭ ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠵᠢᠷᠤᠮᠵᠢᠭᠤᠨ ᠪᠥᠭᠡᠳ ᠠᠷᠠᠳᠴᠢᠯᠠᠯ ᠪᠣᠯᠭᠠᠪᠠ᠃ ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ᠲᠥᠪᠯᠡᠷᠡᠭᠦᠯᠦᠨ ᠰᠤᠷᠤᠯᠴᠠᠭᠤᠯᠬᠤ᠂ ᠲᠤᠰᠬᠠᠢ ᠰᠡᠳᠦᠪ ᠢᠶᠠᠷ ᠶᠠᠷᠢᠯᠴᠠᠬᠤ ᠵᠡᠷᠭᠡ ᠬᠡᠯᠪᠡᠷᠢ ᠪᠠᠷ ᠳᠠᠮᠵᠢᠨ ᠨᠠᠮ ᠤᠨ ᠭᠡᠰᠢᠭᠦᠨ ᠤ ᠦᠵᠡᠯ ᠰᠠᠨᠠᠭ᠎ᠠ ᠤᠯᠤᠰ ᠲᠥᠷᠥ ᠶᠢᠨ ᠬᠡᠪ ᠴᠢᠨᠠᠷ ᠪᠠ ᠨᠠᠮᠴᠢ ᠴᠢᠨᠠᠷ ᠤᠨ ᠪᠣᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠵᠣᠬᠢᠶᠠᠨ ᠪᠠᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠴᠢᠩᠭᠠᠷᠠᠭᠤᠯᠵᠠᠢ᠃ ᠡᠭᠦᠨ ᠤ ᠬᠠᠮᠲᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠬᠤ ᠶᠢᠨ ᠲᠥᠯᠥᠭᠡ᠂ ᠵᠠᠩ ᠰᠢᠶᠤᠤ ᠸᠧᠢ ᠨᠠᠮ ᠤᠨ ᠭᠡᠰᠢᠭᠦᠨ ᠢ ᠢᠳᠡᠪᠬᠢᠲᠡᠶ ᠵᠣᠬᠢᠶᠠᠨ ᠪᠠᠶᠢᠭᠤᠯᠵᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠳᠤᠮᠳᠠ᠂ ᠨᠠᠮ ᠤᠨ ᠭᠡᠰᠢᠭᠦᠳ ᠲᠦᠷᠦᠭᠦᠯᠡᠨ ᠬᠤᠭ ᠨᠣᠪᠰᠢ ᠶᠢ ᠴᠡᠪᠡᠷᠯᠡᠵᠦ᠂ ᠥᠷᠭᠡᠨ ᠣᠯᠠᠨ ᠲᠣᠰᠬᠤᠨ ᠤ ᠠᠷᠠᠳ ᠤᠨ ᠢᠳᠡᠪᠬᠢᠲᠡᠶ ᠣᠷᠣᠯᠴᠠᠬᠤ ᠶᠢ ᠳᠠᠶᠢᠴᠢᠯᠠᠵᠤ᠂ ᠨᠥᠬᠦᠷᠯᠡᠯ ᠭᠠᠴᠠᠭᠠᠨ ᠤ ᠳᠦᠷᠰᠦ ᠪᠠᠶᠢᠳᠠᠯ ᠢ ᠴᠤ᠋ ᠰᠢᠨ᠎ᠡ ᠪᠣᠯᠭᠠᠪᠠ᠃ ᠵᠠᠩ ᠰᠢᠶᠤᠤ ᠸᠧᠶ ᠶᠢᠨ ᠴᠢᠷᠮᠠᠶᠢᠯᠭ᠎ᠠ ᠪᠠᠷ᠂ ᠨᠥᠬᠦᠷᠯᠡᠯ ᠭᠠᠴᠠᠭᠠᠨ ᠤ ᠨᠠᠮ ᠤᠨ ᠡᠭᠦᠷ ᠤᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠴᠠᠭᠠᠨ ᠤ ᠠᠷᠠᠳ ᠢ ᠳᠠᠭᠠᠭᠤᠯᠤᠨ ᠪᠠᠶᠠᠵᠢᠨ ᠴᠢᠨᠡᠭᠡᠯᠢᠭᠵᠢᠬᠦ ᠪᠠᠲᠤ ᠴᠢᠩᠭ᠎ᠠ ᠭᠤᠣᠯ ᠲᠤᠯᠭᠠᠭᠤᠷᠢ ᠪᠣᠯᠤᠭᠰᠠᠨ ᠪᠠᠶᠢᠨ᠎ᠠ᠃
1.jpg
2.png
        ᠲᠦᠷᠦᠭᠦᠯᠡᠨ ᠦᠯᠢᠭᠡᠷ ᠳᠠᠭᠤᠷᠢᠶᠠᠯ ᠦᠵᠡᠭᠦᠯᠵᠦ ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠦᠨ᠎ᠡ        ᠭᠠᠴᠠᠭᠠᠨ ᠳᠤ ᠰᠠᠭᠤᠭᠰᠠᠨ ᠠᠴᠠ ᠨᠠᠭᠠᠰᠢ᠂ ᠵᠠᠩ ᠰᠢᠶᠤᠤ ᠸᠧᠶ ᠭᠠᠴᠠᠭᠠᠨ ᠤ ᠪᠣᠶ ᠪᠥᠬᠦᠶ ᠪᠣᠶ ᠪᠥᠬᠦᠶ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠬᠢᠨᠠᠨ ᠬᠡᠮᠵᠢᠵᠦ ᠪᠠᠶᠢᠭ᠎ᠠ ᠡᠷᠦᠬᠡ ᠶᠢ ᠰᠤᠷᠪᠤᠯᠵᠢᠯᠠᠵᠤ᠂ ᠠᠷᠠᠳ ᠤᠨ ᠪᠠᠶᠢᠳᠠᠯ ᠢ ᠨᠠᠷᠢᠯᠢᠭ ᠲᠡᠮᠳᠡᠭᠯᠡᠵᠦ᠂ ᠭᠠᠴᠠᠭᠠᠨ ᠤ ᠬᠡᠨ ᠤ ᠭᠡᠷ ᠬᠠᠮᠢᠭ᠎ᠠ ᠨᠢ ᠰᠠᠭᠤᠵᠤ ᠪᠠᠶᠢᠬᠤ︖ ᠭᠡᠷ ᠲᠡᠭᠡᠨ ᠬᠡᠳᠦᠭᠦᠯᠡ︖ ᠭᠡᠷ ᠪᠦᠯᠢ ᠶᠢᠨ ᠠᠮᠢᠳᠤᠷᠠᠯ ᠶᠠᠮᠠᠷ ᠵᠡᠷᠭᠡ︖ ᠲᠡᠷᠡ ᠴᠥᠮ ᠰᠡᠳᠬᠢᠯ ᠳᠡᠭᠡᠨ ᠴᠡᠭᠡᠵᠢᠯᠡᠵᠦ᠂ ᠥᠪᠡᠷ ᠤᠨ ᠲᠠᠷᠢᠬᠢᠨ ᠳᠣᠲᠣᠷ᠎ᠠ ᠪᠠᠨ ᠭᠠᠴᠠᠭᠠᠨ ᠤ ᠠᠷᠠᠳ ᠤᠨ ᠪᠠᠶᠢᠳᠠᠯ ᠢ ᠨᠠᠷᠢᠨ ᠵᠢᠷᠤᠭᠯᠠᠪᠠ᠃ ᠲᠡᠷᠡ ᠦᠷᠭᠦᠯᠵᠢ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠬᠦᠷᠴᠦ᠂ ᠪᠠᠶᠢᠳᠠᠯ ᠢ ᠠᠰᠠᠭᠤᠵᠤ᠂ ᠲᠡᠳᠡᠨ ᠤ ᠡᠩ ᠤᠨ ᠦᠶ᠎ᠡ ᠳᠤ ᠶᠠᠭᠤ ᠢᠳᠡᠨ᠂ ᠶᠠᠭᠤ ᠡᠮᠦᠰᠴᠦ᠂ ᠶᠠᠭᠤ ᠤᠤᠭᠤᠵᠤ᠂ ᠶᠠᠭᠤ ᠶᠢ ᠬᠡᠷᠡᠭᠯᠡᠵᠦ ᠪᠠᠶᠢᠬᠤ ᠶᠢ ᠦᠵᠡᠵᠦ᠂ ᠲᠡᠳᠡᠨ ᠤ ᠬᠦᠴᠢᠷᠳᠡᠯ ᠪᠠ ᠠᠰᠠᠭᠤᠳᠠᠯ ᠢ ᠣᠶᠢᠯᠠᠭᠠᠳᠠᠭ᠃ ᠲᠡᠷᠡ ᠭᠠᠴᠠᠭᠠᠨ ᠤ ᠣᠯᠠᠨ ᠲᠦᠮᠡᠨ ᠢ ᠥᠪᠡᠷ ᠤᠨ ᠲᠥᠷᠥᠯ ᠰᠠᠳᠤᠨ ᠲᠠᠢ ᠪᠠᠨ ᠠᠳᠠᠯᠢ ᠪᠠᠷ ᠦᠵᠡᠬᠦ ᠶᠢ ᠪᠠᠷᠢᠮᠲᠠᠯᠠᠵᠤ᠂ ᠭᠠᠴᠠᠭ᠎ᠠ ᠶᠢ ᠥᠪᠡᠷ ᠤᠨ ᠬᠤᠶᠠᠳᠤᠭᠠᠷ ᠨᠤᠲᠤᠭ ᠢᠶᠠᠨ ᠪᠣᠯᠭᠠᠵᠤ᠂ ᠭᠠᠴᠠᠭᠠᠨ ᠤ ᠶᠠᠪᠤᠳᠠᠯ ᠢ ᠥᠪᠡᠷ ᠤᠨ ᠶᠠᠪᠤᠳᠠᠯ ᠢᠶᠠᠨ ᠪᠣᠯᠭᠠᠵᠤ ᠰᠢᠢᠳᠪᠦᠷᠢᠯᠡᠳᠡᠭ᠃ ᠣᠯᠠᠨ ᠲᠦᠮᠡᠨ ᠤ ᠳᠡᠷᠭᠡᠳᠡᠬᠢ ᠵᠢᠵᠢᠭ ᠶᠠᠪᠤᠳᠠᠯ ᠤᠳ ᠢ ᠴᠥᠮ ᠪᠡᠶ᠎ᠡ ᠪᠠᠷ ᠢᠶᠠᠨ ᠬᠠᠪᠰᠤᠷᠤᠨ ᠰᠢᠢᠳᠪᠦᠷᠢᠯᠡᠵᠦ᠂ ᠬᠠᠪᠰᠤᠷᠤᠨ ᠲᠡᠳᠬᠦᠬᠦ ᠠᠵᠢᠯ ᠢ ᠢᠮᠠᠭᠲᠠ ᠥᠪᠡᠷ ᠤᠨ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠪᠠᠨ ᠪᠣᠯᠭᠠᠵᠤ᠂ ᠶᠠᠪᠤᠳᠠᠯ ᠪᠣᠯᠭᠠᠨ ᠳᠤ ᠲᠦᠷᠦᠭᠦᠯᠡᠵᠦ᠂ ᠶᠠᠪᠤᠳᠠᠯ ᠪᠦᠬᠦᠨ ᠢ ᠱᠠᠯᠠᠪᠳᠠᠨ ᠬᠢᠳᠡᠭ᠃
3.jpg
4.jpg
        ᠠᠵᠤ ᠦᠢᠯᠡᠰ ᠢᠶᠠᠷ ᠭᠠᠴᠠᠭ᠎ᠠ ᠪᠠᠨ ᠬᠥᠭᠵᠢᠭᠦᠯᠦᠨ ᠮᠠᠨᠳᠤᠭᠤᠯᠵᠤ᠂ ᠪᠠᠶᠠᠵᠢᠯ ᠤᠨ ᠵᠠᠮ ᠢ ᠥᠷᠭᠡᠳᠬᠡᠨ᠎ᠡ        ᠰᠤᠷᠪᠤᠯᠵᠢᠯᠠᠬᠤ ᠶᠠᠪᠤᠴᠠ ᠳᠤ᠂ ᠵᠠᠩ ᠰᠢᠶᠤᠤ ᠸᠧᠶ ᠨᠢᠭᠡ ᠬᠢᠨᠠᠨ ᠬᠡᠮᠵᠢᠵᠦ ᠪᠠᠶᠢᠭ᠎ᠠ ᠡᠷᠦᠬᠡ ᠶᠢᠨ ᠭᠠᠭ᠋ᠠᠶ ᠲᠡᠵᠢᠭᠡᠬᠦ ᠪᠠ ᠲᠠᠬᠢᠶ᠎ᠠ ᠲᠡᠵᠢᠭᠡᠬᠦ ᠠᠵᠤ ᠦᠢᠯᠡᠰ ᠢ ᠬᠥᠭᠵᠢᠭᠦᠯᠬᠦ ᠬᠦᠰᠡᠯ ᠡᠷᠡᠮᠡᠯᠵᠡᠯ ᠲᠠᠢ ᠪᠥᠭᠡᠳ ᠭᠠᠭ᠋ᠠᠶ ᠲᠡᠵᠢᠭᠡᠬᠦ ᠠᠵᠤ ᠦᠢᠯᠡᠰ ᠢ ᠬᠥᠭᠵᠢᠭᠦᠯᠬᠦ ᠨᠥᠬᠦᠴᠡᠯ ᠢ ᠪᠦᠷᠢᠯᠳᠦᠭᠦᠯᠦᠭᠰᠡᠨ ᠢ ᠣᠯᠵᠤ ᠮᠡᠳᠡᠵᠡᠢ᠃ ᠲᠡᠷᠡ ᠳᠠᠷᠤᠶ ᠲᠦᠷᠭᠡᠨ ᠪᠠᠶᠢᠭ᠎ᠠ ᠨᠢᠭᠡᠴᠢ ᠲᠠᠢ ᠪᠠᠨ ᠵᠣᠬᠢᠴᠠᠭᠤᠯᠵᠤ᠂ ᠲᠣᠰ ᠡᠷᠦᠬᠡ ᠶᠢᠨ ᠭᠠᠭ᠋ᠠᠶ ᠬᠤᠳᠠᠯᠳᠤᠨ ᠠᠪᠬᠤ ᠳᠤ ᠪᠠᠯᠠ ᠮᠥᠩᠭᠦ ᠳᠤᠲᠠᠭᠳᠠᠵᠤ ᠪᠠᠶᠢᠭ᠎ᠠ ᠪᠣᠳᠠᠲᠠᠶ ᠬᠦᠴᠢᠷᠳᠡᠯ ᠳᠤ ᠴᠢᠭᠯᠡᠭᠦᠯᠦᠨ᠂ ᠴᠠᠭ ᠲᠤᠬᠠᠶ ᠳᠤᠨᠢ ᠲᠤᠰᠠᠯᠠᠵᠤ᠂ ᠲᠡᠳᠡᠨ ᠢ ᠬᠠᠪᠰᠤᠷᠤᠨ ᠭᠠᠭ᠋ᠠᠶ ᠬᠤᠳᠠᠯᠳᠤᠨ ᠠᠪᠤᠭᠰᠠᠨ ᠪᠥᠭᠡᠳ ᠬᠡᠷ ᠲᠤᠨᠢ ᠬᠦᠷᠭᠡᠵᠦ᠂ ᠬᠢᠨᠠᠨ ᠬᠡᠮᠵᠢᠵᠦ ᠪᠠᠶᠢᠭ᠎ᠠ ᠡᠷᠦᠬᠡ ᠶᠢᠨ ᠪᠠᠴᠢᠮ ᠪᠠᠶᠢᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠥᠬᠡᠶ᠂ ᠨᠠᠩ ᠴᠤ ᠲᠤᠰ ᠡᠷᠦᠬᠡ ᠶᠢᠨ ᠠᠵᠤ ᠦᠢᠯᠡᠰ ᠢᠶᠠᠨ ᠬᠥᠭᠵᠢᠭᠦᠯᠵᠦ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠳᠤ ᠢᠲᠡᠭᠡᠯ ᠪᠠ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃        ᠬᠦᠷᠢᠶ᠎ᠡ ᠬᠠᠰᠢᠶᠠᠨ ᠤ ᠠᠵᠤ ᠠᠬᠤᠶ ᠶᠢ ᠬᠥᠭᠵᠢᠭᠦᠯᠵᠦ᠂ ᠭᠠᠴᠠᠭᠠᠨ ᠤ ᠠᠷᠠᠳ ᠲᠤ ᠲᠠᠷᠢᠮᠠᠯ ᠤᠨ ᠮᠡᠷᠭᠡᠵᠢᠯ ᠢ ᠨᠠᠩ ᠰᠠᠶᠢᠲᠤᠷ ᠡᠵᠡᠮᠰᠢᠭᠦᠯᠬᠦ ᠶᠢᠨ ᠲᠥᠯᠥᠭᠡ᠂ ᠲᠡᠷᠡ ᠲᠠᠷᠢᠶᠠᠯᠠᠩ ᠤᠨ ᠲᠤᠰᠬᠠᠶ ᠮᠡᠷᠭᠡᠵᠢᠯᠲᠡᠨ ᠢ ᠭᠠᠴᠠᠭ᠎ᠠ ᠳᠤ ᠤᠷᠢᠵᠤ ᠪᠣᠯᠪᠠᠰᠤᠷᠠᠯ ᠤᠨ ᠠᠩᠭᠢ ᠡᠷᠭᠢᠯᠡᠵᠦ᠂ ᠲᠤᠬᠠᠶ ᠶᠢᠨ ᠲᠠᠯᠠᠪᠠᠶ ᠳᠤ ᠭᠠᠴᠠᠭᠠᠨ ᠤ ᠠᠷᠠᠳ ᠤᠨ ᠤᠰᠤᠨ ᠲᠤᠲᠤᠷᠭ᠎ᠠ ᠳᠠᠷᠢᠬᠤ ᠶᠢ ᠵᠢᠯᠣᠭᠤᠳᠪᠠ᠃ ᠲᠡᠭᠦᠨ ᠤ ᠴᠢᠷᠮᠠᠶᠢᠯᠭ᠎ᠠ ᠪᠠᠷ᠂ ᠬᠦᠷᠢᠶ᠎ᠡ ᠬᠠᠰᠢᠶᠠᠨ ᠤ ᠤᠰᠤᠨ ᠲᠤᠲᠤᠷᠭ᠎ᠠ ᠢᠳᠡᠭ ᠢᠳᠡᠭ ᠢᠶᠠᠷ ᠬᠥᠭᠵᠢᠵᠦ᠂ ᠲᠠᠷᠢᠭᠰᠠᠨ ᠤᠰᠤᠨ ᠲᠤᠲᠤᠷᠭ᠎ᠠ ᠶᠢ ᠥᠪᠡᠷ ᠤᠨ ᠬᠡᠷᠡᠭᠴᠡᠭᠡ ᠪᠠᠨ ᠬᠠᠩᠭᠠᠭᠰᠠᠨ ᠢᠶᠠᠷ ᠪᠠᠷᠠᠬᠤ ᠦᠭᠡᠢ ᠪᠠᠰᠠ ᠪᠣᠷᠣᠯᠠᠭᠤᠯᠭ᠎ᠠ ᠬᠢᠵᠦ᠂ ᠭᠠᠴᠠᠭᠠᠨ ᠤ ᠠᠷᠠᠳ ᠲᠤ ᠮᠠᠰᠢ ᠰᠠᠶᠢᠨ ᠣᠷᠣᠯᠭ᠎ᠠ ᠣᠯᠭᠤᠭᠰᠠᠨ ᠪᠠᠶᠢᠨ᠎ᠠ᠃
5.png
6.jpg
        ᠵᠠᠩ ᠰᠢᠶᠤᠤ ᠸᠧᠶ ᠶᠢᠨ ᠳᠠᠭᠠᠭᠤᠯᠭ᠎ᠠ ᠳᠣᠤᠷ᠎ᠠ᠂ ᠨᠥᠬᠦᠷᠯᠡᠯ ᠭᠠᠴᠠᠭ᠎ᠠ ᠶᠠᠭ ᠠᠵᠤ ᠦᠢᠯᠡᠰ ᠬᠥᠭᠵᠢᠭᠰᠡᠨ ᠂ ᠠᠮᠢ ᠠᠬᠤᠶ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ᠂ ᠨᠤᠲᠤᠭ ᠤᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠶ᠂ ᠠᠮᠢᠳᠤᠷᠠᠯ ᠪᠠᠶᠠᠨ ᠴᠢᠨᠡᠭᠡᠯᠢᠭ ᠪᠠᠶᠢᠬᠤ ᠬᠠᠷᠠᠯᠲᠠ ᠲᠡᠰᠢ ᠠᠯᠬᠤᠮ ᠠᠯᠬᠤᠮ ᠢᠶᠠᠷ ᠤᠷᠤᠭᠰᠢᠯᠠᠵᠤ ᠪᠠᠶᠢᠨ᠎ᠠ᠃ ᠵᠠᠩ ᠰᠢᠶᠤᠤ ᠸᠧᠢ ᠥᠪᠡᠷ ᠤᠨ ᠪᠠᠲᠤ ᠰᠠᠬᠢᠯ ᠪᠠ ᠴᠢᠷᠮᠠᠶᠢᠯᠭ᠎ᠠ ᠪᠠᠷ ᠢᠶᠠᠨ ᠨᠢᠭᠡᠳᠦᠭᠡᠷ ᠱᠦᠵᠢ ᠶᠢᠨ ᠬᠠᠷᠢᠭᠤᠴᠠᠯᠭ᠎ᠠ ᠪᠠ ᠡᠭᠦᠷᠭᠡᠯᠡᠯ ᠢ ᠲᠠᠶᠢᠯᠪᠤᠷᠢᠯᠠᠵᠤ᠂ ᠨᠥᠬᠦᠷᠯᠡᠯ ᠭᠠᠴᠠᠭᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠳᠡᠭᠡᠷᠡᠬᠢ ᠬᠠᠮᠤᠭ ᠤᠨ ᠭᠤᠶᠤ ︽ᠵᠠᠮᠴᠢᠯᠠᠭᠴᠢ︾ ᠪᠣᠯᠤᠭᠰᠠᠨ ᠪᠠᠶᠢᠨ᠎ᠠ᠃   
 
ᠢᠷᠡᠯᠲᠡ᠄ ᠭᠡᠭᠡᠨᠰᠦ᠋ᠮ᠎ᠡ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号