| | ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤᠨ ᠤ ᠪᠠᠶᠠᠨᠬᠠᠳᠠ ᠭᠠᠴᠠᠭᠠᠨ ᠳᠤ᠂ ᠡᠶᠢᠮᠦ ᠨᠢᠭᠡᠨ ᠭᠠᠴᠠᠭ᠎ᠠ | ᠲᠣᠰᠬᠤᠨ ᠤ ᠡᠮᠴᠢ ᠪᠠᠶᠢᠳᠠᠭ - ᠲᠡᠭᠦᠨ ᠢ ᠪᠢᠩ ᠬᠤᠩ ᠮᠧᠢ ᠭᠡᠳᠡᠭ᠃ ᠲᠡᠷᠡ ᠡᠭᠡᠯ ᠠᠷᠠᠳ ᠤᠨ ᠡᠷᠡᠭᠦᠯ | ᠮᠡᠨᠳᠦ ᠶᠢ ᠬᠠᠮᠠᠭᠠᠯᠠᠬᠤ ᠬᠦᠨᠳᠦ ᠡᠭᠦᠷᠭᠡ ᠶᠢ ᠡᠭᠦᠷᠭᠡᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ | ᠡᠮᠡᠭᠲᠡᠶᠢᠴᠦᠳ ᠤᠨ ᠬᠦᠴᠦᠨ ᠢ ᠲᠠᠶᠢᠯᠪᠤᠷᠢᠯᠠᠨ᠎ᠠ᠃ | ᠤᠭ ᠰᠠᠨᠠᠭ᠎ᠠ ᠪᠠᠨ ᠦᠯᠦ ᠮᠠᠷᠲᠠᠨ ᠬᠥᠳᠡᠭᠡ ᠲᠣᠰᠬᠤᠨ ᠳᠤ ᠦᠨᠳᠦᠰᠦᠯᠡᠨ ᠡᠷᠡᠭᠦᠯ ᠮᠡᠨᠳᠦ ᠶᠢ | ᠬᠠᠮᠠᠭᠠᠯᠠᠨ᠎ᠠ | ᠪᠢᠩ ᠬᠤᠩ ᠮᠧᠢ ᠪᠠᠭ᠎ᠠ ᠠᠴᠠ ᠪᠠᠨ ᠬᠥᠳᠡᠭᠡ ᠲᠣᠰᠬᠤᠨ ᠳᠤ ᠥᠰᠦᠭᠰᠡᠨ ᠪᠣᠯᠬᠤᠷ ᠣᠯᠠᠨ ᠲᠦᠮᠡᠨ ᠤ | ᠡᠪᠡᠳᠴᠢᠨ ᠦᠵᠡᠭᠦᠯᠬᠦ ᠶᠢᠨ ᠬᠦᠴᠢᠷ ᠪᠡᠷᠬᠡᠰᠢᠶᠡᠯ ᠢ ᠭᠦᠨ ᠣᠶᠢᠯᠠᠭᠠᠨ᠎ᠠ᠃ ᠵᠠᠯᠠᠭᠤ ᠳᠠᠭᠠᠨ ᠲᠡᠷᠡ ᠡᠮ ᠡᠮᠨᠡᠯᠭᠡ ᠶᠢᠨ | ᠮᠡᠷᠭᠡᠵᠢᠯ ᠰᠤᠷᠴᠤ᠂ ᠲᠡᠭᠦᠰᠦᠭᠰᠡᠨ ᠤ ᠳᠠᠷᠠᠭ᠎ᠠ ᠨᠤᠲᠤᠭ ᠲᠠᠭᠠᠨ ᠪᠤᠴᠠᠵᠤ᠂ ᠪᠠᠶᠠᠨᠬᠠᠳᠠ ᠭᠠᠴᠠᠭᠠᠨ ᠤ ᠡᠮᠴᠢ ᠪᠣᠯᠪᠠ | ᠃ ᠬᠤᠷᠢ ᠭᠠᠷᠤᠶ ᠵᠢᠯ ᠤᠨ ᠲᠤᠷᠰᠢ᠂ ᠲᠡᠷᠡ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠭᠠᠴᠠᠭᠠᠨ ᠤ ᠥᠨᠴᠥᠭ | ᠪᠤᠯᠤᠩ ᠨᠢᠭᠡᠪᠦᠷᠢ ᠪᠠᠷ ᠶᠠᠪᠤᠵᠤ᠂ ᠡᠪᠡᠳᠴᠢᠲᠡᠨ ᠳᠤ ᠡᠮ ᠬᠦᠷᠭᠡᠵᠦ ᠥᠭᠳᠡᠭ᠃ ᠬᠠᠬᠢᠷ ᠡᠪᠦᠯ ᠤᠨ ᠬᠥᠬᠡᠭᠡ ᠰᠠᠷ᠎ᠠ | ᠭᠡᠰᠡᠨ ᠦᠭᠡᠢ᠂ ᠠᠭᠠᠭᠢᠮ᠎ᠠ ᠬᠠᠯᠠᠭᠤᠨ ᠵᠤᠨ ᠴᠦ ᠪᠣᠯᠤᠭ ᠲᠡᠷᠡ᠂ ᠭᠠᠴᠠᠭᠠᠨ ᠤ ᠠᠷᠠᠳ ᠱᠠᠭᠠᠷᠳᠠᠯᠭ᠎ᠠ ᠲᠠᠢ ᠪᠣᠯ | ᠲᠡᠷᠡ ᠳᠠᠷᠤᠢ ᠣᠴᠢᠳᠠᠭ᠃ ︽ᠭᠠᠴᠠᠭᠠᠨ ᠤ ᠨᠠᠰᠤᠲᠠᠶᠢᠴᠤᠳ ᠨᠡᠯᠢᠶᠡᠳ ᠠᠷᠪᠢᠨ᠂ ᠡᠪᠡᠳᠴᠢᠨ ᠦᠵᠡᠭᠦᠯᠬᠦ ᠳᠤ | ᠳᠥᠭᠦᠮ ᠦᠭᠡᠢ᠂ ᠮᠢᠨᠦ ᠬᠢᠵᠦ ᠳᠡᠶᠢᠯᠬᠦ ᠠᠵᠢᠯ ᠪᠣᠯ ᠳᠠᠷᠤᠶ ᠴᠢᠳᠠᠯ ᠤᠨ ᠬᠢᠷᠢ ᠪᠠᠷ ᠢᠶᠠᠨ ᠲᠡᠳᠡᠨ ᠤ ᠡᠷᠡᠭᠦᠯ | ᠮᠡᠨᠳᠦ ᠶᠢ ᠬᠠᠮᠠᠭᠠᠯᠠᠬᠤ ᠶᠠᠪᠤᠳᠠᠯ ᠪᠣᠯᠤᠨ᠎ᠠ︾᠃ ᠡᠨᠡ ᠪᠣᠯ ᠪᠢᠩ ᠬᠤᠩ ᠮᠸᠢ ᠶᠢᠨ ᠦᠷᠭᠦᠯᠵᠢ ᠶᠠᠷᠢᠳᠠᠭ ᠦᠭᠡ᠃ | ᠲᠡᠷᠡ ᠭᠠᠴᠠᠭ᠎ᠠ ᠲᠤᠰᠬᠤᠨ ᠢᠶᠠᠷ ᠦᠷᠭᠦᠯᠵᠢ ᠲᠣᠭᠤᠷᠢᠵᠤ᠂ ᠡᠮᠨᠡᠯᠭᠡ ᠶᠢᠨ ᠮᠡᠷᠭᠡᠵᠢᠯ ᠢᠶᠠᠷ ᠠᠮᠢ ᠨᠠᠰᠤ ᠶᠢ | ᠬᠠᠮᠠᠭᠠᠯᠠᠵᠤ᠂ ᠤᠯᠠᠨ ᠲᠦᠮᠡᠨ ᠤ ᠰᠡᠳᠬᠢᠯ ᠳᠠᠬᠢ ᠬᠠᠮᠤᠭ ᠤᠨ ᠢᠲᠡᠭᠡᠯᠲᠡᠢ ︽ᠡᠷᠡᠭᠦᠯ ᠮᠡᠨᠳᠦ ᠶᠢᠨ ᠬᠠᠮᠠᠭᠠᠯᠠᠭᠴᠢ︾ | ᠪᠣᠯᠪᠠ᠃ | | | | | ᠨᠠᠷᠢᠨ ᠵᠦᠢᠯᠡᠰ ᠨᠢ ᠦᠨᠡᠨ ᠰᠡᠳᠭᠢᠯᠭᠡ ᠶᠢ ᠢᠯᠡᠷᠡᠭᠦᠯᠦᠨ ᠡᠭᠡᠯ ᠵᠢᠷ ᠤᠨ ᠡᠳᠦᠷ ᠳᠤᠲᠤᠮ ᠤᠨ ᠠᠵᠢᠯ | ᠢᠶᠠᠷ ᠡᠮᠴᠢ ᠶᠢᠨ ᠰᠦᠭ ᠰᠦᠨᠡᠰᠦ ᠶᠢ ᠴᠣᠭᠴᠠᠯᠠᠨ᠎ᠠ | ᠠᠵᠢᠯ ᠤᠨ ᠴᠢᠯᠦᠭᠡ ᠪᠠᠷ᠂ ᠪᠢᠩ ᠬᠤᠩ ᠮᠧᠢ ᠡᠯ᠎ᠡ ᠵᠦᠢᠯ ᠤᠨ ᠠᠯᠪᠠᠨ ᠵᠢᠷᠤᠮ ᠤᠨ ᠡᠮᠴᠢᠯᠡᠭᠡᠨ ᠤ | ᠠᠵᠢᠯᠯᠠᠭᠠᠨ ᠳᠤ ᠢᠳᠡᠪᠬᠢᠳᠡᠢ ᠤᠷᠤᠯᠴᠠᠳᠠᠭ᠃ ᠲᠡᠷᠡ ᠬᠠᠯᠠᠰᠢᠷᠠᠯ ᠦᠭᠡᠢ ᠤᠯᠠᠨ ᠲᠦᠮᠡᠨ ᠳᠤ ᠡᠷᠡᠭᠦᠯ ᠮᠡᠨᠳᠦ ᠶᠢᠨ | ᠮᠡᠳᠡᠯᠭᠡ ᠶᠢ ᠬᠦᠯᠢᠴᠡᠩᠭᠦᠢ ᠪᠠᠷ ᠲᠦᠭᠡᠮᠡᠯᠵᠢᠭᠦᠯᠵᠦ᠂ ᠡᠪᠡᠳᠴᠢᠨ ᠡᠮᠭᠡᠭ ᠢ ᠰᠡᠷᠭᠡᠶᠢᠯᠡᠬᠦ ᠤᠢᠢᠯᠠᠭᠠᠭᠳᠠᠬᠤᠨ ᠢ | ᠶᠡᠭᠡ ᠪᠠᠷ ᠰᠠᠨᠠᠭᠠᠴᠢᠯᠠᠭᠰᠠᠨ ᠨᠢ ᠨᠡᠩ ᠤᠯᠠᠨ ᠬᠥᠮᠦᠨ ᠤ ᠡᠷᠡᠭᠦᠯ ᠮᠡᠨᠳᠦ ᠶᠢᠨ ᠵᠥᠪ ᠦᠵᠡᠯᠲᠡ ᠲᠠᠢ ᠪᠣᠯᠭᠠᠬᠤ ᠶᠢᠨ | ᠲᠥᠯᠥᠭᠡ ᠶᠤᠮ᠃ ᠴᠢᠰᠤᠨ ᠳᠠᠷᠤᠯᠲᠠ ᠥᠨᠳᠥᠷ᠂ ᠰᠠ ᠡᠪᠡᠳᠴᠢᠨ ᠵᠡᠷᠭᠡ ᠡᠪᠡᠳᠴᠢᠨ ᠡᠮᠭᠡᠭ ᠲᠤ ᠨᠡᠷᠪᠡᠭᠳᠡᠵᠦ᠂ | ᠬᠥᠳᠡᠯᠵᠦ ᠪᠠᠷᠢᠬᠤ ᠳᠤ ᠲᠦᠢᠯ ᠤᠨ ᠳᠥᠭᠦᠮ ᠦᠭᠡᠢ ᠡᠪᠡᠳᠴᠢᠲᠡᠨ ᠳᠤ᠂ ᠪᠢᠩ ᠬᠤᠩ ᠮᠧᠢ ᠨᠡᠩ ᠴᠤ ᠨᠠᠷᠢᠯᠢᠭ | ᠬᠠᠯᠠᠮᠵᠢᠯᠠᠯ ᠬᠦᠷᠲᠡᠭᠡᠭᠰᠡᠨ ᠪᠠᠶᠢᠨ᠎ᠠ᠃ ᠡᠪᠡᠳᠴᠢᠲᠡᠨ ᠤ ᠬᠡᠷ ᠲᠤ ᠲᠡᠷᠡ ᠡᠪᠡᠳᠴᠢᠲᠡᠨ ᠤ ᠡᠳᠦᠷ ᠲᠤᠲᠤᠮ ᠤᠨ | ᠠᠮᠢᠳᠤᠷᠠᠯ ᠤᠨ ᠪᠠᠶᠢᠳᠠᠯ ᠢ ᠨᠠᠷᠢᠨ ᠨᠢᠮᠪᠠᠶ ᠠᠩᠬᠠᠷᠴᠤ᠂ ᠡᠷᠡᠭᠦᠯ ᠮᠡᠨᠳᠦ ᠳᠤ ᠬᠤᠯᠪᠣᠭᠳᠠᠬᠤ ᠶᠠᠮᠠᠷᠪᠠ ᠨᠠᠷᠢᠨ | ᠵᠦᠢᠯᠡᠰ ᠢ ᠠᠩᠬᠠᠷᠴᠤ᠂ ᠲᠤᠰᠬᠠᠶ ᠮᠡᠷᠭᠡᠵᠢᠯ ᠤᠨ ᠡᠮᠴᠢᠯᠡᠭᠡᠨ ᠤ ᠮᠡᠷᠭᠡᠵᠢᠯ ᠪᠠ ᠴᠢᠩ ᠦᠨᠡᠨᠴᠢ ᠬᠠᠯᠠᠮᠵᠢᠯᠠᠯ ᠳᠤ | ᠲᠦᠰᠢᠭᠯᠡᠨ᠂ ᠪᠣᠳᠠᠲᠤ ᠠᠵᠢᠯᠯᠠᠭ᠎ᠠ ᠪᠠᠷ ᠢᠶᠠᠨ ᠡᠮᠴᠢ ᠶᠢᠨ ᠡᠨᠡᠷᠢᠩᠭᠦᠶ ᠰᠡᠳᠬᠢᠯ ᠤᠨ ᠭᠦᠨ ᠠᠭᠤᠯᠤᠭᠳᠠᠬᠤᠨ ᠢ | ᠢᠯᠡᠷᠡᠭᠦᠯᠵᠡᠢ᠃ ᠲᠡᠭᠦᠨ ᠤ ᠰᠢᠨᠲᠠᠷᠠᠰᠢ ᠦᠭᠡᠢ ᠴᠢᠷᠮᠠᠶᠢᠯᠭ᠎ᠠ ᠪᠠᠷ ᠮᠠᠰᠢ ᠣᠯᠠᠨ ᠡᠪᠡᠳᠴᠢᠲᠡᠨ ᠭᠡᠷ ᠠᠴᠠ ᠪᠠᠨ | ᠭᠠᠷᠬᠤ ᠦᠭᠡᠢ ᠪᠠᠷ ᠴᠢᠨᠠᠷ ᠰᠠᠶᠢᠲᠠᠢ ᠪᠥᠭᠡᠳ ᠳᠥᠭᠦᠮ ᠳᠥᠲᠡ ᠡᠷᠡᠭᠦᠯᠵᠢᠯ ᠪᠠ ᠡᠮᠴᠢᠯᠡᠭᠡᠨ ᠤ ᠦᠢᠯᠡᠴᠢᠯᠡᠭᠡ | ᠬᠦᠷᠲᠡᠵᠦ᠂ ︽ᠪᠠᠭ᠎ᠠ ᠡᠪᠡᠳᠴᠢᠨ ᠢ ᠭᠠᠴᠠᠭᠠᠨ ᠠᠴᠠ ᠭᠠᠷᠭᠠᠬᠤ ᠦᠭᠡᠢ᠂ ᠡᠷᠡᠭᠦᠯ ᠮᠡᠨᠳᠦ ᠪᠠᠲᠤᠯᠠᠭ᠎ᠠ ᠲᠠᠢ ᠪᠠᠶᠢᠬᠤ | ︾ ᠰᠠᠶᠢᠨ ᠰᠠᠶᠢᠬᠠᠨ ᠬᠦᠰᠡᠯ ᠡᠷᠡᠮᠡᠯᠵᠡᠯ ᠢ ᠦᠨᠡᠨ ᠬᠦ ᠪᠣᠳᠠᠲᠤ ᠠᠬᠤᠢ ᠪᠣᠯᠭᠠᠵᠤ᠂ ᠬᠥᠳᠡᠭᠡ ᠲᠣᠰᠬᠤᠨ ᠤ | ᠡᠮᠴᠢᠯᠡᠭᠡᠨ ᠤ ᠦᠢᠯᠡᠰ ᠤᠨ ᠬᠥᠭᠵᠢᠯᠲᠡ ᠳᠤ ᠰᠢᠨ᠎ᠡ ᠬᠠᠭᠤᠳᠠᠰᠤ ᠶᠢ ᠨᠠᠮᠠᠷᠢᠯᠠᠪᠠ᠃ | | | | | ᠪᠢᠩ ᠬᠤᠩ ᠮᠧᠢ᠂ ᠡᠨᠡ ᠬᠦ ᠬᠥᠳᠡᠭᠡ ᠲᠣᠰᠬᠤᠨ ᠳᠤ ᠰᠠᠭᠤᠷᠢᠯᠠᠭᠰᠠᠨ ᠡᠷᠡᠭᠦᠯ ᠴᠢᠭᠢᠷᠠᠭ ᠢ ᠰᠠᠬᠢᠨ | ᠬᠠᠮᠠᠭᠠᠯᠠᠭᠴᠢ᠂ ᠬᠤᠷᠢᠨ ᠵᠢᠯ ᠤᠨ ᠲᠤᠷᠰᠢ ᠢᠮᠠᠭᠲᠠ ᠬᠥᠳᠡᠭᠡ ᠲᠣᠰᠬᠤᠨ ᠳᠤ ᠭᠦᠨᠵᠡᠭᠡᠶᠢᠷᠡᠵᠦ᠂ ᠪᠠᠶᠠᠠᠬᠠᠳᠠ | ᠭᠠᠴᠠᠭᠠᠨ ᠤ ᠠᠷᠠᠳ ᠲᠤ ᠡᠷᠡᠭᠦᠯ ᠴᠢᠭᠢᠷᠠᠭ ᠪᠠ ᠬᠦᠰᠡᠯ ᠡᠷᠡᠮᠡᠯᠵᠡᠯ ᠣᠯᠭᠤᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠦᠢᠯᠡᠰ ᠲᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠭᠰᠡᠨ ᠪᠠᠶᠢᠨ᠎ᠠ᠃ | | | |