ᠤᠯᠠᠭᠠᠨᠬᠤᠲᠠ 2025 ᠣᠨ ᠤ ︽ᠴᠡᠷᠢᠭ ᠢ ᠳᠡᠭᠡᠳᠦᠯᠡᠬᠦ ᠠᠵᠢᠯ ᠤᠨ ᠪᠠᠶᠢᠷᠢ︾  ᠴᠡᠷᠢᠭ ᠠᠴᠠ ᠬᠠᠯᠠᠭᠳᠠᠭᠰᠠᠳ ᠵᠢᠴᠢ ᠴᠡᠷᠢᠭ ᠤᠨ ᠭᠡᠷ ᠪᠦᠯᠢ ᠶᠢᠨ ᠲᠤᠰᠬᠠᠶ ᠠᠵᠢᠯᠲᠠᠨ ᠡᠯᠰᠡᠬᠦ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2025/3/13
        ᠣᠶᠢᠷ᠎ᠠ ᠳᠤ᠂ ᠤᠯᠠᠭᠠᠨᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠠᠴᠠ ᠠᠶᠢᠮᠠᠭ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠠᠷᠠᠳ ᠤᠨ ᠠᠮᠢᠳᠤᠷᠠᠯ ᠤᠨ ᠲᠣᠮᠣ ᠠᠰᠠᠷ ᠤᠨ ᠨᠢᠭᠡᠳᠦᠭᠡᠷ ᠳᠠᠪᠬᠤᠷᠯᠢᠭ ᠲᠤ 2025 ᠣᠨ ᠤ ︽ᠴᠡᠷᠢᠭ ᠢ ᠳᠡᠭᠡᠳᠦᠯᠡᠬᠦ ᠠᠵᠢᠯ ᠤᠨ ᠪᠠᠶᠢᠷᠢ︾ ᠴᠡᠷᠢᠭ ᠠᠴᠠ ᠬᠠᠯᠠᠭᠳᠠᠭᠰᠠᠳ ᠵᠢᠴᠢ ᠴᠡᠷᠢᠭ ᠤᠨ ᠬᠡᠷ ᠪᠦᠯᠢ ᠶᠢᠨ ᠲᠤᠰᠬᠠᠶ ᠠᠵᠢᠯᠲᠠᠨ ᠡᠯᠰᠡᠬᠦ ᠬᠤᠷᠠᠯ ᠢ ᠡᠷᠭᠢᠯᠡᠵᠦ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠡᠷᠢᠭ ᠠᠴᠠ ᠬᠠᠯᠠᠭᠳᠠᠭᠰᠠᠳ ᠤᠨ ᠠᠵᠢᠯ ᠤᠯᠬᠤ ᠠᠷᠭ᠎ᠠ ᠵᠠᠮ ᠢ ᠥᠷᠭᠡᠳᠬᠡᠨ᠂ ᠠᠵᠢᠯᠴᠢᠨ ᠬᠡᠷᠡᠭᠯᠡᠬᠦ ᠠᠵᠤ ᠠᠬᠤᠶᠢᠯᠠᠯ ᠪᠠ ᠴᠡᠷᠢᠭ ᠠᠴᠠ ᠬᠠᠯᠠᠭᠳᠠᠭᠰᠠᠳ ᠤᠨ ᠬᠠᠩᠭᠠᠯᠭ᠎ᠠ ᠬᠡᠷᠡᠭᠴᠡᠭᠡ ᠶᠢᠨ ᠲᠠᠪᠴᠠᠩ ᠢ ᠪᠠᠶᠢᠭᠤᠯᠪᠠ᠃
1.png
        ᠠᠵᠢᠯᠲᠠᠨ ᠡᠯᠰᠡᠬᠦ ᠠᠵᠢᠯᠯᠠᠭᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠤᠰᠬᠠᠶ ᠣᠷᠣᠨ ᠳᠤ᠂ ᠤᠯᠠᠭᠠᠨᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠲᠤᠬᠠᠶ ᠶᠢᠨ ᠲᠠᠯᠠᠪᠠᠶ ᠳᠤ ᠡᠯ᠎ᠡ ᠵᠦᠢᠯ ᠤᠨ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠳᠤ ᠬᠠᠷᠢᠭᠤᠯᠲᠠ ᠥᠭᠴᠦ᠂ ᠳᠤᠮᠳᠠᠳᠤ ᠤᠯᠤᠰ ᠤᠨ ᠪᠠᠩᠬᠢ᠂ ᠮᠧᠩ ᠱᠠᠩ ᠪᠠᠩᠬᠢ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠴᠡᠷᠢᠭ ᠠᠴᠠ ᠬᠠᠯᠠᠭᠳᠠᠭᠰᠠᠳ ᠲᠤ ︽ᠴᠡᠷᠢᠭ ᠠᠴᠠ ᠬᠠᠯᠠᠭᠳᠠᠭᠰᠠᠳ ᠤᠨ ᠵᠢᠭᠡᠯᠡᠯᠭᠡ︾᠂ ︽ᠴᠡᠷᠢᠭ ᠢ ᠬᠦᠷᠢᠶᠡᠯᠡᠬᠦ ᠵᠢᠭᠡᠯᠡᠯᠭᠡ︾ ᠵᠡᠷᠭᠡ ᠬᠠᠷᠠᠭᠠᠯᠵᠠᠯ ᠤᠨ ᠦᠢᠯᠡᠳᠬᠦᠨ ᠢ ᠨᠠᠷᠢᠨ ᠲᠠᠨᠢᠯᠴᠠᠭᠤᠯᠵᠤ᠂ ᠬᠠᠮᠢᠶ᠎ᠠ ᠪᠥᠬᠦᠶ ᠪᠠᠶᠢᠭᠤᠯᠭ᠎ᠠ ᠨᠢᠭᠡᠴᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠢᠯ ᠣᠯᠵᠤ ᠠᠳᠠᠯ ᠦᠢᠯᠡᠰ ᠴᠣᠭᠴᠠᠯᠠᠬᠤ᠂ ᠤᠷ᠎ᠠ ᠴᠢᠳᠠᠪᠤᠷᠢ ᠶᠢᠨ ᠪᠣᠯᠪᠠᠰᠤᠷᠠᠯ᠂ ᠰᠤᠷᠤᠯᠭ᠎ᠠ ᠶᠢᠨ ᠨᠠᠮᠲᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠣᠯᠠᠨ ᠳᠤ ᠬᠠᠷᠢᠭᠤᠯᠲᠠ ᠥᠭᠪᠡ᠃        ᠲᠣᠰ ᠤᠳᠠᠭᠠᠨ ᠤ ᠠᠵᠢᠯᠲᠠᠨ ᠡᠯᠰᠡᠬᠦ ᠠᠵᠢᠯᠯᠠᠭᠠᠨ ᠳᠤ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠢ ᠬᠠᠪᠰᠤᠷᠤᠨ ᠣᠳᠣᠬᠠᠨ ᠤ ᠠᠵᠢᠯ ᠣᠯᠵᠤ ᠠᠳᠠᠯ ᠦᠢᠯᠡᠰ ᠴᠣᠭᠴᠠᠯᠠᠬᠤ ᠪᠠᠶᠢᠳᠠᠯ ᠢ ᠨᠠᠩ ᠰᠠᠶᠢᠲᠤᠷ ᠣᠶᠢᠯᠠᠭᠠᠭᠤᠯᠤᠨ᠂ ᠴᠡᠷᠢᠭ  ᠠᠴᠠ ᠬᠠᠯᠠᠭᠳᠠᠭᠰᠠᠳ ᠤᠨ ᠪᠡᠶ᠎ᠡ ᠪᠠᠨ ᠳᠠᠭᠠᠭᠠᠵᠤ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠵᠤ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠶᠢᠨ ᠲᠥᠯᠥᠭᠡ᠂ ᠪᠠᠰᠠ ᠠᠶᠢᠮᠠᠭ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠵᠢᠯᠣᠭᠤᠳᠣᠭᠴᠢ ᠪᠠᠭᠰᠢ ᠶᠢ ᠤᠷᠢᠵᠤ ᠰᠠᠶ᠋ᠢᠬᠠᠨ ᠴᠡᠷᠢᠭ ᠠᠴᠠ ᠪᠠᠭᠤᠭᠰᠠᠨ ᠴᠡᠷᠢᠭ ᠠᠴᠠ ᠬᠠᠯᠠᠭᠳᠠᠭᠰᠠᠳ ᠲᠤ ᠠᠵᠢᠯ ᠣᠯᠵᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ᠂ ᠠᠵᠢᠯ ᠮᠡᠷᠭᠡᠵᠢᠯ ᠤᠨ ᠠᠮᠢᠳᠤᠷᠠᠯ ᠤᠨ ᠲᠥᠯᠥᠪᠵᠢᠭᠦᠯᠭᠡ ᠶᠢᠨ ᠵᠢᠯᠣᠭᠤᠳᠬᠤ ᠬᠢᠴᠢᠶᠡᠯ ᠢ ᠵᠢᠭᠠᠯᠭᠠᠪᠠ᠃
2.png
        ᠲᠣᠰ ᠤᠳᠠᠭᠠᠨ ᠤ ᠠᠵᠢᠯᠲᠠᠨ ᠡᠯᠰᠡᠬᠦ ᠠᠵᠢᠯᠯᠠᠭᠠᠨ ᠳᠤ ᠨᠡᠶᠢᠲᠡ 49 ᠰᠢᠯᠢᠳᠡᠭ ᠠᠵᠤ ᠠᠬᠤᠶᠢᠯᠠᠯ ᠣᠷᠣᠯᠴᠠᠵᠤ᠂ 445 ᠠᠵᠢᠯ ᠤᠨ ᠪᠠᠶᠢᠷᠢ ᠬᠠᠩᠭᠠᠵᠤ᠂ ᠬᠡᠰᠡᠭ ᠴᠡᠷᠢᠭ ᠢ ᠬᠦᠷᠢᠶᠡᠯᠡᠬᠦ ᠠᠵᠤ ᠠᠬᠤᠶᠢᠯᠠᠯ ᠲᠤᠬᠠᠶ ᠶᠢᠨ ᠲᠠᠯᠠᠪᠠᠶ ᠳᠤ ᠴᠡᠷᠢᠭ ᠠᠴᠠ ᠬᠠᠯᠠᠭᠳᠠᠭᠰᠠᠳ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠳᠡᠯᠭᠡᠨ ᠦᠵᠡᠭᠦᠯᠵᠡᠶ᠃ 20 ᠭᠠᠷᠤᠢ ᠴᠡᠷᠢᠭ ᠠᠴᠠ ᠬᠠᠯᠠᠭᠳᠠᠭᠰᠠᠳ ᠵᠢᠴᠢ ᠴᠡᠷᠢᠭ ᠤᠨ ᠭᠡᠷ ᠪᠦᠯᠢ ᠨᠢ ᠤᠷᠢᠵᠤ ᠡᠯᠰᠡᠬᠦ ᠠᠵᠤ ᠠᠬᠤᠢᠯᠠᠯ ᠲᠠᠢ ᠠᠩᠬ᠎ᠠ ᠠᠯᠬᠤᠮ ᠠᠵᠢᠯ ᠣᠯᠬᠤ ᠰᠠᠨᠠᠮᠵᠢ ᠲᠣᠭᠲᠠᠪᠠ᠃        ︽ᠲᠣᠰ ᠤᠳᠠᠭᠠᠨ ᠤ ᠠᠵᠢᠯᠲᠠᠨ ᠡᠯᠰᠡᠬᠦ ᠠᠵᠢᠯᠯᠠᠭᠠᠨ ᠤ ᠠᠭᠤᠯᠭ᠎ᠠ ᠦᠨᠡᠬᠡᠷ ᠮᠠᠰᠢ ᠪᠠᠶᠠᠯᠢᠭ ᠪᠠᠶᠢᠵᠤ᠂ ᠴᠡᠷᠢᠭ ᠢ ᠬᠦᠷᠢᠶᠡᠯᠡᠬᠦ ᠴᠢᠨᠠᠷ ᠰᠠᠶᠢᠲᠠᠶ ᠠᠵᠤ ᠠᠬᠤᠶᠢᠯᠠᠯ ᠠᠵᠢᠯ ᠤᠨ ᠪᠠᠶᠢᠷᠢ ᠬᠠᠩᠭᠠᠭᠰᠠᠨ ᠢᠶᠠᠷ ᠪᠠᠷᠠᠬᠤ ᠥᠬᠡᠶ᠂ ᠪᠠᠰᠠ ᠭᠠᠶᠢᠯᠢ ᠶᠢᠨ ᠶᠠᠪᠤᠳᠠᠯ᠂ ᠠᠵᠢᠯ ᠣᠯᠭᠤᠯᠲᠠ᠂ ᠴᠡᠷᠢᠭ ᠠᠴᠠ ᠬᠠᠯᠠᠭᠳᠠᠭᠰᠠᠳ ᠵᠡᠷᠭᠡ ᠰᠠᠯᠠᠭ᠎ᠠ ᠮᠥᠴᠢᠷ ᠠᠴᠠ ᠲᠤᠬᠠᠶ ᠶᠢᠨ ᠲᠠᠯᠠᠪᠠᠢ ᠳᠤ ᠲᠥᠷᠥ ᠶᠢᠨ ᠪᠣᠳᠣᠯᠭ᠎ᠠ ᠶᠢᠨ ᠬᠠᠷᠢᠭᠤᠯᠲᠠ ᠥᠭᠴᠦ᠂ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠤᠨ ︿ᠴᠡᠷᠢᠭ ᠢ ᠳᠡᠭᠡᠳᠦᠯᠡᠬᠦ ᠵᠢᠭᠡᠯᠡᠯᠭᠡ﹀ ︿ᠴᠡᠷᠢᠭ ᠢ ᠬᠦᠷᠢᠶᠡᠯᠡᠬᠦ ᠵᠢᠭᠡᠯᠡᠯᠭᠡ﹀ ᠶᠢᠨ ᠬᠠᠷᠠᠭᠠᠯᠵᠠᠯ ᠤᠨ ᠤᠬᠠᠭᠤᠯᠭ᠎ᠠ ᠬᠢᠵᠦ᠂ ᠪᠠᠰᠠ ᠠᠵᠢᠯ ᠣᠯᠵᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠬᠢᠵᠡᠢ᠂ ᠪᠢᠳᠡ ᠮᠠᠰᠢ ᠰᠠᠶᠢᠨ ᠣᠯᠤᠯᠲᠠ ᠲᠠᠢ︾ ᠭᠡᠵᠦ ᠠᠵᠢᠯᠲᠠᠨ ᠡᠯᠰᠡᠬᠦ ᠠᠵᠢᠯᠯᠠᠭᠠᠨ ᠳᠤ ᠣᠷᠣᠯᠴᠠᠭᠰᠠᠨ ᠴᠡᠷᠢᠭ ᠠᠴᠠ ᠬᠠᠯᠠᠭᠳᠠᠭᠰᠠᠨ ᠰᠢᠤᠢ ᠶᠤᠸᠠᠨ ᠷᠦ ᠬᠡᠯᠡᠵᠦ ᠪᠠᠶᠢᠯ᠎ᠠ᠃
3.png
        ᠳᠠᠷᠠᠭᠠᠴᠢ ᠶᠢᠨ ᠠᠯᠬᠤᠮ ᠳᠤ᠂ ᠤᠯᠠᠭᠠᠨᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ︽ᠠᠵᠤ ᠠᠬᠤᠶᠢᠯᠠᠯ ᠢ ᠰᠤᠷᠪᠤᠯᠵᠢᠯᠠᠵᠤ ᠠᠵᠢᠯ ᠤᠨ ᠪᠠᠶᠢᠷᠢ ᠶᠢ ᠥᠷᠭᠡᠳᠬᠡᠬᠦ︾ ᠦᠢᠯᠡᠴᠢᠯᠡᠭᠡ ᠶᠢ ᠢᠳᠡᠪᠬᠢᠲᠡᠢ ᠥᠷᠨᠢᠭᠦᠯᠵᠦ᠂ ᠴᠡᠷᠢᠭ ᠠᠴᠠ ᠬᠠᠯᠠᠭᠳᠠᠭᠰᠠᠳ ᠲᠤ ᠨᠡᠩ ᠤᠯᠠᠨ᠂ ᠨᠡᠩ ᠰᠢᠯᠢᠳᠡᠭ ᠠᠵᠢᠯ ᠤᠨ ᠪᠠᠶᠢᠷᠢ ᠬᠠᠩᠭᠠᠨ᠎ᠠ᠃   
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号