ᠤᠯᠠᠭᠠᠨᠬᠤᠲᠠ ᠶᠢᠨ ᠴᠧᠩ ᠽᠧ ᠤᠰᠤᠨ ᠤ ᠶᠠᠪᠤᠳᠠᠯ ᠤᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠪᠥᠬᠦ ᠠᠵᠢᠯᠲᠠᠨ ᠠᠵᠢᠯᠴᠢᠨ ᠤ ᠶᠡᠭᠡ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/14
        3 ᠰᠠᠷ᠎ᠠ ᠶᠢᠨ 10 ᠤ ᠡᠳᠦᠷ᠂ ᠤᠯᠠᠭᠠᠨᠬᠤᠲᠠ ᠶᠢᠨ ᠴᠧᠩ ᠽᠧ ᠤᠰᠤᠨ ᠤ ᠶᠠᠪᠤᠳᠠᠯ ᠤᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠪᠥᠬᠦ ᠠᠵᠢᠯᠲᠠᠨ ᠠᠵᠢᠯᠴᠢᠨ ᠤ ᠶᠡᠭᠡ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ᠃ ᠬᠤᠷᠠᠯ ᠠᠴᠠ ᠤᠯᠠᠭᠠᠨᠬᠤᠲᠠ ᠶᠢᠨ ᠴᠧᠩ ᠽᠧ ᠤᠰᠤᠨ ᠤ ᠶᠠᠪᠤᠳᠠᠯ ᠤᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠶᠢᠨ 2024 ᠣᠨ ᠤ ᠠᠵᠢᠯ ᠤᠨ ᠦᠷ᠎ᠡ ᠪᠦᠲᠦᠮᠵᠢ ᠶᠢ ᠳ᠋ᠦᠩᠨᠡᠵᠦ 2025 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠵᠠᠢ᠃        ᠬᠤᠷᠠᠯ ᠠᠴᠠ᠂ ᠺᠣᠮᠫᠠᠨᠢ ᠶᠢᠨ ᠳᠡᠭᠡᠳᠦ ᠲᠤᠤᠷᠠᠳᠤ ᠱᠠᠳᠤ ᠪᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠬᠤ᠂ ᠲᠥᠪ ᠭᠤᠣᠯᠴᠢ ᠪᠠᠷ ᠰᠢᠨ᠎ᠡ ᠶᠢ ᠡᠭᠦᠳᠬᠦ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠰᠢᠢᠳᠪᠦᠷᠢᠯᠡᠬᠦ᠂ ᠰᠢᠰᠲ᠋ᠧᠮ ᠲᠠᠢ ᠬᠤᠷᠠᠮᠳᠤᠭᠤᠯᠬᠤ᠂ ᠬᠠᠮᠵᠢᠯᠴᠠᠨ ᠬᠠᠮᠲᠤᠷᠠᠯᠴᠠᠬᠤ ᠱᠠᠭᠠᠷᠳᠠᠯᠭ᠎ᠠ ᠶᠢ ᠪᠠᠷᠢᠮᠲᠠᠯᠠᠵᠤ᠂ ︽ᠲᠠᠪᠤᠨ ᠨᠢᠭᠡᠳᠦᠭᠡᠷ︾ ᠤᠨ ᠠᠵᠢᠯ ᠤᠨ ᠤᠢᠢᠯᠠᠭᠠᠭᠳᠠᠬᠤᠨ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠭᠤᠣᠯ ᠬᠦᠭ ᠠᠶᠠᠰ ᠢ ᠪᠠᠲᠤ ᠡᠵᠡᠮᠳᠡᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠣᠯᠤᠨ ᠪᠣᠬᠢᠷᠲᠤᠯ ᠦᠭᠡᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠤᠰᠤ ᠬᠠᠩᠭᠠᠬᠤ ᠤᠰᠤ ᠵᠠᠯᠠᠬᠤ ᠦᠢᠯᠡᠴᠢᠯᠡᠭᠡᠨ ᠤ ᠲᠦᠪᠰᠢᠨ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠡ ᠬᠤᠷᠠᠯ᠂ ᠤᠯᠠᠭᠠᠨᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠵᠥᠪᠯᠡᠯ︶ ᠶᠢᠨ ᠺᠠᠳ᠋ᠷ ᠠᠵᠢᠯᠳᠠᠨ ᠤ ᠶᠡᠭᠡ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠲᠤᠭᠤᠰᠢᠯᠠᠭᠤᠯᠬᠤ ᠰᠠᠨᠠᠯ ᠳᠤᠷᠠᠳᠴᠠᠢ᠃ ᠬᠤᠷᠠᠯ ᠠᠴᠠ ᠪᠠᠰᠠ ᠲᠡᠷᠢᠭᠦᠨ ᠤ ᠬᠠᠮᠲᠤ ᠪᠠ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ᠃   
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号