| ᠥᠷᠭᠡᠨ ᠣᠯᠠᠨ ᠪᠠᠭᠰᠢ ᠰᠤᠷᠤᠭᠴᠢᠳ ᠤᠨ ᠤᠤᠭᠤᠬᠤ ᠤᠰᠤᠨ ᠤ ᠠᠮᠤᠷ ᠲᠦᠪᠰᠢᠨ ᠢ ᠦᠨᠡᠨ ᠬᠦ | ᠪᠠᠲᠤᠯᠠᠵᠤ᠂ ᠡᠷᠡᠭᠦᠯ ᠡᠩᠬᠡ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ | ᠣᠶᠢᠷ᠎ᠠ ᠳᠤ᠂ ᠤᠯᠠᠭᠠᠨᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠠᠵᠢᠯᠲᠠᠳ | ᠤᠯᠠᠭᠠᠨᠬᠤᠲᠠ ᠬᠤᠶᠠᠳᠤᠭᠠᠷ ᠳᠤᠮᠳᠠᠳᠤ ᠰᠤᠷᠭᠠᠭᠤᠯᠢ ᠳᠤ ᠬᠦᠷᠴᠦ᠂ ᠰᠤᠷᠤᠯᠭ᠎ᠠ ᠡᠬᠢᠯᠡᠬᠦ ᠤᠯᠠᠷᠢᠯ ᠤᠨ | ᠰᠤᠷᠤᠭᠴᠢᠳ ᠤᠨ ᠤᠤᠭᠤᠬᠤ ᠤᠰᠤᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠵᠦ᠂ | ᠰᠤᠷᠭᠠᠭᠤᠯᠢ ᠶᠢᠨ ᠬᠦᠷᠢᠶᠡᠨ ᠤ ᠤᠤᠭᠤᠬᠤ ᠤᠰᠤᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠥᠬᠦ | ᠬᠦᠴᠦᠨ ᠢᠶᠠᠷ ᠪᠠᠬᠢᠵᠢᠭᠦᠯᠵᠡᠢ᠃ | | | | | ᠪᠠᠶᠢᠴᠠᠭᠠᠬᠤ ᠶᠠᠪᠤᠴᠠ ᠳᠤ᠂ ᠤᠯᠠᠭᠠᠨᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ | ᠠᠵᠢᠯᠲᠠᠳ ᠤᠯᠠᠭᠠᠨᠬᠤᠲᠠ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠬᠤᠭᠤᠯᠠᠨ ᠭᠡᠷ ᠢᠶᠠᠷ ᠭᠦᠨᠵᠡᠭᠡᠶᠢᠷᠡᠵᠦ᠂ | ᠤᠰᠤ ᠬᠠᠩᠭᠠᠬᠤ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠨᠠᠷᠢᠨ ᠬᠢᠨᠠᠮᠠᠭᠠᠶ ᠪᠠᠶᠢᠴᠠᠭᠠᠭᠰᠠᠨ ᠤ ᠬᠠᠮᠲᠤ | ᠰᠤᠷᠭᠠᠭᠤᠯᠢ ᠶᠢᠨ ᠤᠤᠭᠤᠬᠤ ᠤᠰᠤ ᠠᠴᠠ ᠵᠠᠭᠪᠤᠷ ᠠᠪᠴᠤ᠂ ᠴᠤᠭᠯᠠᠭᠤᠯᠤᠭᠰᠠᠨ ᠤᠰᠤᠨ ᠤ ᠵᠠᠭᠪᠤᠷ ᠡᠳ᠋ ᠢ | ᠲᠣᠬᠢᠲᠠᠶ ᠪᠢᠲᠡᠭᠦᠮᠵᠢᠯᠡᠵᠦ᠂ ᠲᠤᠰᠬᠠᠶ ᠮᠡᠷᠭᠡᠵᠢᠯ ᠤᠨ ᠪᠠᠶᠢᠴᠠᠭᠠᠨ ᠰᠢᠯᠭᠠᠬᠤ ᠲᠤᠷᠰᠢᠯᠲᠠ ᠶᠢᠨ ᠲᠠᠰᠤᠭ ᠲᠤ | ᠠᠪᠠᠴᠢᠵᠤ᠂ ᠰᠢᠨᠵᠢᠯᠡᠬᠦ ᠤᠬᠠᠭᠠᠨᠴᠢ ᠠᠷᠭ᠎ᠠ ᠪᠠ ᠲᠡᠷᠢᠭᠦᠨ ᠤ ᠲᠥᠬᠦᠭᠡᠷᠦᠮᠵᠢ ᠶᠢ ᠬᠡᠷᠡᠭᠯᠡᠨ᠂ ᠥᠩᠭᠡ᠂ | ᠪᠤᠯᠠᠩᠭᠢᠷ ᠤᠨ ᠬᠡᠮᠵᠢᠶ᠎ᠡ᠂ pH ᠬᠡᠮᠵᠢᠭᠳᠡᠯ ᠵᠡᠷᠭᠡ 9 ᠲᠥᠷᠥᠯ ᠵᠦᠢᠯ ᠳᠤ ᠴᠢᠭᠯᠡᠭᠦᠯᠦᠨ ᠨᠠᠷᠢᠯᠢᠭ ᠣᠨᠣᠴᠠᠲᠠᠶ ᠪᠠᠷ | ᠬᠢᠨᠠᠨ ᠬᠡᠮᠵᠢᠵᠦ ᠵᠠᠳᠠᠯᠤᠯᠲᠠ ᠬᠢᠵᠦ᠂ ᠤᠰᠤᠨ ᠤ ᠴᠢᠨᠠᠷ ᠨᠢ ᠤᠯᠤᠰ ᠤᠨ ᠤᠤᠭᠤᠬᠤ ᠤᠰᠤᠨ ᠤ ᠠᠷᠢᠭᠤᠨ | ᠴᠡᠪᠡᠷ ᠤᠨ ᠪᠠᠷᠢᠮᠵᠢᠶ᠎ᠠ ᠳᠤ ᠨᠡᠶᠢᠴᠡᠬᠦ ᠡᠰᠡᠬᠦ ᠶᠢ ᠪᠥᠬᠦ ᠲᠠᠯ᠎ᠠ ᠪᠠᠷ ᠦᠨᠡᠯᠡᠨ ᠵᠢᠱᠢᠬᠦ ᠶᠢᠨ ᠬᠠᠮᠲᠤ ᠰᠤᠷᠭᠠᠭᠤᠯᠢ ᠶᠢᠨ | ᠤᠤᠭᠤᠬᠤ ᠤᠰᠤᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠤ᠂ ᠰᠤᠷᠭᠠᠭᠤᠯᠢ ᠶᠢᠨ ᠤᠤᠭᠤᠬᠤ ᠤᠰᠤᠨ ᠤ ᠠᠮᠤᠷ ᠲᠦᠪᠰᠢᠨ ᠤ | ᠪᠣᠭᠤᠮᠲᠠ ᠶᠢ ᠦᠨᠡᠨ ᠬᠦ ᠰᠠᠶᠢᠲᠤᠷ ᠪᠠᠲᠤᠯᠠᠵᠠᠢ᠃ | | | | | | ᠰᠤᠷᠤᠭᠴᠢᠳ ᠤᠨ ᠤᠤᠭᠤᠬᠤ ᠤᠰᠤᠨ ᠤ ᠠᠮᠤᠷ ᠲᠦᠪᠰᠢᠨ ᠮᠠᠰᠢ ᠴᠢᠬᠤᠯᠠ ᠪᠠᠶᠢᠵᠤ᠂ ᠲᠡᠳᠡᠨ ᠤ | ᠡᠷᠡᠭᠦᠯ ᠢᠶᠠᠷ ᠦᠰᠦᠨ ᠪᠤᠶᠢᠵᠢᠬᠤ ᠳᠤ ᠬᠤᠯᠪᠣᠭᠳᠠᠨ᠎ᠠ᠃ ᠪᠠᠶᠢᠴᠠᠭᠠᠬᠤ ᠶᠠᠪᠤᠴᠠ ᠳᠤ᠂ ᠤᠯᠠᠭᠠᠨᠬᠤᠲᠠ ᠶᠢᠨ | ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠪᠠᠷᠢᠮᠵᠢᠶ᠎ᠠ ᠶᠠᠪᠤᠴᠠ ᠶᠢ ᠴᠢᠩᠭ᠎ᠠ ᠵᠢᠷᠤᠮᠯᠠᠨ᠂ ᠤᠰᠤᠨ ᠤ | ᠴᠢᠨᠠᠷ ᠤᠨ ᠡᠯ᠎ᠡ ᠵᠦᠢᠯ ᠤᠨ ᠬᠦᠢᠴᠡᠳᠬᠡᠯ ᠲᠤᠭ᠎ᠠ ᠶᠢ ᠨᠠᠷᠢᠨ ᠨᠢᠮᠪᠠᠶ ᠰᠢᠯᠭᠠᠨ ᠪᠠᠶᠢᠴᠠᠭᠠᠵᠤ᠂ ᠭᠦᠢᠴᠡᠳᠬᠡᠯ ᠲᠤᠭ᠎ᠠ | ᠨᠢᠭᠡᠪᠦᠷᠢ ᠴᠥᠮ ᠪᠠᠷᠢᠮᠵᠢᠶ᠎ᠠ ᠳᠤ ᠨᠡᠶᠢᠴᠡᠬᠦ ᠶᠢ ᠦᠨᠡᠨ ᠬᠦ ᠪᠠᠲᠤᠯᠠᠵᠤ᠂ ᠰᠤᠷᠤᠭᠴᠢᠳ ᠤᠨ ᠤᠤᠭᠤᠬᠤ ᠤᠰᠤᠨ ᠤ | ᠠᠮᠤᠷ ᠲᠦᠪᠰᠢᠨ ᠢ ᠦᠨᠡᠨ ᠬᠦ ᠬᠠᠮᠠᠭᠠᠯᠠᠪᠠ︾ ᠭᠡᠵᠦ ᠤᠯᠠᠭᠠᠨᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠲᠥᠪ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠢᠨᠠᠨ ᠬᠡᠮᠵᠢᠯᠲᠡ ᠶᠢᠨ ᠰᠠᠯᠠᠭᠠᠨ ᠤ ᠭᠡᠰᠢᠭᠦᠨ | ᠴᠢᠨ ᠵᠢᠶᠧ ᠬᠡᠯᠡᠪᠡ᠃ | |