| ᠣᠶᠢᠷ᠎ᠠ ᠶᠢᠨ ᠵᠢᠯ ᠳᠤ ᠤᠯᠠᠭᠠᠨᠬᠤᠲᠠ ᠶᠢᠨ ᠲᠠᠪᠢᠨ ᠦᠷᠲᠡᠭᠡ ᠪᠠᠯᠭᠠᠰᠤ ᠲᠤᠬᠠᠢ ᠶᠢᠨ ᠭᠠᠵᠠᠷ ᠤᠨ | ᠪᠣᠳᠠᠲᠤ ᠪᠠᠶᠢᠳᠠᠯ ᠳᠤ ᠪᠠᠨ ᠰᠠᠭᠤᠷᠢᠯᠠᠨ᠂ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢ ᠢᠳᠡᠪᠬᠢᠲᠡᠢ | ᠳᠣᠬᠢᠷᠠᠭᠤᠯᠵᠤ᠂ ᠣᠨᠴᠠᠯᠢᠭᠲᠤ ᠡᠬᠢ ᠪᠠᠶᠠᠯᠢᠭ ᠪᠠ ᠠᠵᠤ ᠦᠢᠯᠡᠰ ᠤᠨ ᠳᠠᠪᠠᠭᠤᠯᠢᠭ ᠲᠤ ᠪᠠᠨ ᠲᠦᠰᠢᠭᠯᠡᠨ᠂ | ᠲᠤᠬᠠᠢ ᠭᠠᠵᠠᠷ ᠤᠨ ᠣᠨᠴᠠᠯᠢᠭ ᠲᠤ ᠨᠢ ᠳᠤᠬᠢᠷᠠᠭᠤᠯᠤᠨ ᠲᠡᠮᠡᠭᠡᠨ ᠬᠢᠷᠭᠤᠤᠯ᠂ ᠮᠢᠬᠠᠨ ᠦᠬᠡᠷ ᠵᠡᠷᠭᠡ ᠣᠨᠴᠠᠯᠢᠭᠲᠤ | ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠵᠦ᠂ ᠲᠡᠵᠢᠭᠡᠨ ᠦᠷᠡᠵᠢᠭᠦᠯᠬᠦ ᠦᠢᠯᠡᠰ ᠤᠨ ᠰᠢᠨᠵᠢᠯᠡᠬᠦ | ᠤᠬᠠᠭᠠᠨᠴᠢᠯᠠᠬᠤ᠂ ᠬᠡᠪᠴᠢᠶᠡᠵᠢᠬᠦ᠂ ᠪᠠᠷᠢᠮᠵᠢᠶᠠᠵᠢᠬᠤ ᠶᠢ ᠠᠬᠢᠭᠤᠯᠵᠤ᠂ ᠬᠥᠳᠡᠭᠡ ᠲᠤᠰᠬᠤᠨ ᠢ ᠬᠥᠭᠵᠢᠭᠦᠯᠦᠨ | ᠮᠠᠨᠳᠤᠭᠤᠯᠬᠤ ᠪᠠ ᠲᠠᠷᠢᠶᠠᠴᠢᠳ ᠤᠨ ᠣᠷᠤᠯᠭ᠎ᠠ ᠶᠢ ᠨᠡᠮᠡᠭᠳᠡᠭᠦᠯᠬᠦ ᠳᠤ ᠬᠦᠴᠦᠨ ᠴᠢᠳᠠᠯ ᠢᠶᠠᠨ ᠡᠷᠭᠦᠵᠡᠢ᠃ | ᠤᠯᠠᠭᠠᠨᠬᠤᠲᠠ ᠶᠢᠨ ᠲᠠᠪᠢᠨ ᠦᠷᠲᠡᠭᠡ ᠪᠠᠯᠭᠠᠰᠤᠨ ᠤ ᠢᠦᠢ ᠵᠢᠶᠧ ᠲᠡᠵᠢᠭᠡᠨ ᠦᠷᠡᠵᠢᠭᠦᠯᠬᠦ ᠲᠠᠯᠠᠪᠠᠢ ᠳᠤ | ᠣᠷᠤᠬᠤ ᠳᠤ᠂ ᠬᠥᠭᠡᠷᠦᠬᠦᠨ ᠬᠥᠭᠡᠷᠦᠬᠦᠨ ᠲᠡᠮᠡᠭᠡᠨ ᠬᠢᠷᠭᠤᠤᠯ ᠤᠳ ᠬᠠᠷᠠᠭᠳᠠᠨ᠎ᠠ᠃ ︽ᠰᠢᠭᠤᠳ ᠨᠡᠪᠲᠡᠷᠡᠭᠦᠯᠭᠡ | ᠶᠢᠨ ᠦᠷᠦᠭᠡᠨ ᠳᠤ ᠣᠷᠤᠵᠤ ᠢᠷᠡᠭᠰᠡᠨ ᠰᠢᠨ᠎ᠡ ᠨᠠᠶᠢᠵᠠ ᠪᠠᠨ ᠪᠠᠶᠠᠷᠯᠠᠨ ᠤᠭᠲᠤᠵᠤ ᠪᠠᠶᠢᠨ᠎ᠠ᠂ ᠮᠠᠨ ᠤ ᠲᠡᠮᠡᠭᠡᠨ | ᠬᠢᠷᠭᠤᠤᠯ ᠤᠨ ᠦᠨᠳᠡᠭᠡ ᠶᠢ 3 ᠰᠠᠷ᠎ᠠ ᠶᠢᠨ 20 ᠤ ᠡᠳᠦᠷ ᠠᠴᠠ ᠡᠬᠢᠯᠡᠨ ᠨᠡᠪᠴᠢᠭᠦᠯᠵᠦ᠂ 5 ᠰᠠᠷ᠎ᠠ ᠶᠢᠨ ᠦᠶᠡᠰ | ᠢᠶᠠᠷ ᠴᠣᠷᠪᠠᠭ᠎ᠠ ᠭᠠᠷᠤᠨ᠎ᠠ᠃ ᠴᠣᠷᠪᠠᠭ᠎ᠠ ᠲᠡᠮᠡᠭᠡᠨ ᠬᠢᠷᠭᠤᠤᠯ᠂ ᠲᠡᠮᠡᠭᠡᠨ ᠬᠢᠷᠭᠤᠤᠯ ᠤᠨ ᠦᠨᠳᠡᠭᠡ ᠴᠢᠬᠤᠯᠠᠲᠠᠢ | ᠨᠠᠶᠢᠵᠠ ᠨᠠᠷ ᠰᠢᠭᠤᠳ ᠮᠠᠨ ᠤ ᠲᠠᠯᠠᠪᠠᠢ ᠳᠤ ᠢᠷᠡᠵᠦ ᠲᠣᠭᠤᠷᠢᠨ ᠦᠵᠡᠵᠦ ᠪᠣᠯᠣᠨ᠎ᠠ ᠁︾ ᠲᠡᠵᠢᠭᠡᠨ | ᠦᠷᠡᠵᠢᠭᠦᠯᠬᠦ ᠲᠠᠯᠠᠪᠠᠢ ᠶᠢᠨ ᠬᠠᠷᠢᠭᠤᠴᠠᠯᠭᠠᠲᠠᠨ 90 ᠣᠨ ᠠᠴᠠ ᠬᠤᠶᠢᠨᠠᠬᠢ ᠮᠠ ᠢᠦᠢ ᠺᠦᠨ ᠶᠠᠭ ᠭᠠᠷ | ᠤᠲᠠᠰᠤ ᠪᠠᠷ ᠢᠶᠠᠨ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠵᠦ᠂ ᠳᠡᠯᠭᠡᠴᠡ ᠶᠢᠨ ᠨᠥᠭᠦᠭᠡ ᠲᠠᠯ᠎ᠠ ᠶᠢᠨ | ᠦᠵᠡᠭᠴᠢᠳ ᠲᠤ ᠥᠪᠡᠷ ᠤᠨ ᠲᠡᠮᠡᠭᠡᠨ ᠬᠢᠷᠭᠤᠣᠯ ᠢᠶᠠᠨ ᠲᠠᠨᠢᠯᠴᠠᠭᠤᠯᠤᠨ᠎ᠠ᠃ | | | | | ᠣᠶᠢᠯᠠᠭᠠᠭᠰᠠᠨ ᠢᠶᠠᠷ᠂ ᠤᠯᠠᠭᠠᠨᠬᠤᠲᠠ ᠶᠢᠨ ᠲᠠᠪᠢᠨ ᠥᠷᠲᠡᠭᠡᠨ ᠪᠠᠯᠭᠠᠰᠤᠨ ᠤ ᠢᠦᠶ ᠵᠢᠶᠧ ᠲᠡᠵᠢᠭᠡᠨ | ᠦᠷᠡᠵᠢᠭᠦᠯᠬᠦ ᠲᠠᠯᠠᠪᠠᠶ ᠨᠢ 2021 ᠣᠨ ᠳᠤ ᠪᠠᠶᠢᠭᠤᠯᠤᠭᠳᠠᠵᠤ᠂ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ᠂ | ᠴᠤᠷᠪᠠᠭ᠎ᠠ ᠨᠡᠪᠴᠢᠭᠦᠯᠬᠦ᠂ ᠲᠠᠷᠢᠶᠠᠯᠠᠩ ᠳᠤ ᠬᠡᠷᠡᠭᠯᠡᠬᠦ ᠲᠠᠷᠢᠶᠠᠯᠠᠬᠤ᠂ ᠴᠠᠬᠢᠯᠭᠠᠨ ᠬᠦᠴᠦᠨ ᠢᠶᠠᠷ ᠤᠰᠤ ᠬᠠᠩᠭᠠᠬᠤ | ᠵᠡᠷᠭᠡ ᠬᠠᠮᠢᠶ᠎ᠠ ᠪᠥᠬᠦᠶ ᠢᠵᠢ ᠪᠥᠷᠢᠳᠦᠭᠰᠡᠨ ᠲᠥᠬᠦᠭᠡᠷᠦᠮᠵᠢ ᠶᠢ ᠳᠣᠭᠢᠷᠠᠭᠤᠯᠵᠤ᠂ 30 ᠭᠠᠷᠤᠶ ᠡᠷᠡᠭᠴᠢᠨ ᠲᠡᠮᠡᠭᠡᠨ | ᠬᠢᠷᠭᠤᠤᠯ ᠪᠣᠶ᠃ | ︽ᠡᠨᠡ ᠵᠢᠯ ᠪᠢᠳᠡ 1200 ᠴᠣᠷᠪᠠᠭ᠎ᠠ ᠲᠡᠮᠡᠭᠡᠨ ᠬᠢᠷᠭᠤᠤᠯ᠂ 600 ᠲᠡᠮᠡᠭᠡᠨ ᠬᠢᠷᠭᠤᠤᠯ ᠤᠨ ᠥᠨᠳᠡᠭᠡ | ᠬᠤᠳᠠᠯᠳᠤᠵᠤ ᠳᠡᠶᠢᠯᠦᠨ᠎ᠡ᠃ ᠪᠢᠳᠡ ᠪᠠᠰᠠ ᠡᠷᠭᠢᠨ ᠲᠣᠭᠤᠷᠢᠨ ᠤ ᠲᠡᠵᠢᠭᠡᠨ ᠦᠷᠡᠵᠢᠭᠦᠯᠬᠦ ᠡᠷᠦᠬᠡ ᠲᠠᠢ ᠬᠠᠮᠲᠤᠷᠠᠨ | ᠠᠵᠢᠯᠯᠠᠬᠤ ᠪᠠᠷ ᠲᠤᠭᠲᠠᠵᠤ᠂ ᠲᠡᠳᠡᠨ ᠳᠤ ᠲᠡᠵᠢᠭᠡᠨ ᠦᠷᠡᠵᠢᠭᠦᠯᠬᠦ ᠮᠡᠷᠭᠡᠵᠢᠯ ᠬᠠᠩᠭᠠᠵᠤ᠂ ᠨᠢᠯᠬ᠎ᠠ ᠲᠡᠮᠡᠭᠡᠨ | ᠬᠢᠷᠭᠤᠤᠯ ᠬᠠᠩᠭᠠᠪᠠ᠃ ᠣᠳᠣ ᠮᠠᠨ ᠤ ᠲᠡᠵᠢᠭᠡᠨ ᠦᠷᠡᠵᠢᠭᠦᠯᠬᠦ ᠲᠥᠬᠦᠭᠡᠷᠦᠮᠵᠢ ᠨᠢᠭᠡᠨᠲᠡ ᠲᠡᠭᠦᠯᠳᠡᠷᠵᠢᠵᠦ᠂ | ᠲᠡᠵᠢᠭᠡᠨ ᠦᠷᠡᠵᠢᠭᠦᠯᠬᠦ ᠦᠷ᠎ᠡ ᠪᠦᠲᠦᠮᠵᠢ ᠪᠠ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ︾ ᠭᠡᠵᠦ | ᠤᠯᠠᠭᠠᠨᠬᠤᠲᠠ ᠶᠢᠨ ᠲᠠᠪᠢᠨ ᠥᠷᠲᠡᠭᠡᠨ ᠪᠠᠯᠭᠠᠰᠤᠨ ᠤ ᠢᠦᠶ ᠵᠢᠶᠧ ᠲᠡᠵᠢᠭᠡᠨ ᠦᠷᠡᠵᠢᠭᠦᠯᠬᠦ ᠲᠠᠯᠠᠪᠠᠶ ᠶᠢᠨ | ᠬᠠᠷᠢᠭᠤᠴᠠᠯᠭᠠᠲᠠᠨ ᠮᠠ ᠢᠦᠶ ᠺᠦᠨ ᠬᠡᠯᠡᠪᠡ᠃ | | | | | ᠤᠯᠠᠭᠠᠨᠬᠤᠲᠠ ᠶᠢᠨ ᠲᠠᠪᠢᠨ ᠥᠷᠲᠡᠭᠡᠨ ᠪᠠᠯᠭᠠᠰᠤᠨ ᠤ ᠢᠦᠶ ᠷᠦᠩ ᠲᠡᠵᠢᠭᠡᠨ ᠦᠷᠡᠵᠢᠭᠦᠯᠬᠦ ᠲᠠᠯᠠᠪᠠᠢ ᠳᠤ | ᠂ ᠲᠠᠷᠭᠤ ᠬᠦᠴᠦ ᠰᠠᠶᠢᠲᠠᠢ ᠰᠢᠮᠧᠨ᠋ᠲᠠᠷ ᠦᠬᠡᠷ ᠲᠠᠪᠠᠲᠠᠢ ᠬᠡᠪᠲᠡᠵᠦ ᠪᠠᠶᠢᠯ᠎ᠠ᠃ ᠲᠡᠵᠢᠭᠡᠨ ᠦᠷᠡᠵᠢᠭᠦᠯᠬᠦ ᠲᠠᠯᠠᠪᠠᠶ ᠶᠢᠨ | ᠬᠠᠷᠢᠭᠤᠴᠠᠯᠭᠠᠲᠠᠨ ᠰᠢᠤᠢ ᠯᠢ ᠷᠦᠩ ᠬᠦᠷᠢᠶ᠎ᠡ ᠬᠠᠰᠢᠶ᠎ᠠ ᠪᠠᠨ ᠴᠡᠪᠡᠷᠯᠡᠨ ᠶᠠᠭᠠᠷᠠᠯᠳᠤᠵᠤ᠂ ᠮᠢᠬᠠᠨ ᠦᠬᠡᠷ ᠲᠤ ᠴᠡᠪᠡᠷ | ᠲᠣᠬᠢᠯᠢᠭ ᠣᠷᠴᠢᠨ ᠨᠥᠭᠦᠴᠡᠯ ᠬᠠᠩᠭᠠᠨ᠎ᠠ᠃ ᠪᠠᠯᠭᠠᠰᠤᠨ ᠤ ᠲᠡᠵᠢᠭᠡᠨ ᠦᠷᠡᠵᠢᠭᠦᠯᠬᠦ ᠴᠢᠳᠠᠪᠤᠷᠢᠲᠠᠨ ᠪᠣᠯᠤᠭᠰᠠᠨ ᠤ | ᠬᠤᠪᠢ ᠳᠤ᠂ ᠰᠢᠤᠢ ᠯᠢ ᠷᠦᠩ ᠡᠨᠡ ᠬᠡᠳᠦᠨ ᠵᠢᠯ ᠮᠢᠬᠠᠨ ᠦᠬᠡᠷ ᠲᠡᠵᠢᠭᠡᠨ ᠦᠷᠡᠵᠢᠭᠦᠯᠬᠦ ᠪᠠᠷ ᠳᠠᠮᠵᠢᠨ | ᠣᠷᠣᠯᠭ᠎ᠠ ᠪᠠᠨ ᠨᠡᠮᠡᠭᠳᠡᠭᠦᠯᠵᠠᠢ᠃ | ︽ᠮᠠᠨ ᠤ ᠭᠡᠷ ᠡᠨᠡ ᠵᠢᠯ 60 ᠭᠠᠷᠤᠢ ᠰᠢᠮᠧᠨ᠋ᠳᠠᠷ ᠦᠬᠡᠷ ᠲᠡᠵᠢᠭᠡᠵᠡᠢ᠂ ᠡᠨᠡ ᠦᠬᠡᠷ ᠤᠨ ᠮᠢᠬ᠎ᠠ ᠨᠢ | ᠠᠷᠪᠢᠨ᠂ ᠥᠰᠦᠯᠲᠡ ᠨᠢ ᠬᠤᠷᠲᠤᠨ᠂ ᠦᠷ᠎ᠡ ᠠᠰᠢᠭ ᠴᠤ ᠵᠦᠭᠡᠷ ᠪᠠᠶᠢᠳᠠᠭ᠃ ᠤᠳᠤ ᠮᠠᠨ ᠤ ᠲᠡᠵᠢᠭᠡᠨ | ᠦᠷᠡᠵᠢᠭᠦᠯᠬᠦ ᠮᠡᠷᠭᠡᠵᠢᠯ ᠤᠯᠠᠮ ᠪᠣᠯᠪᠠᠰᠤᠷᠠᠩᠭᠤᠶ ᠪᠣᠯᠵᠤ᠂ ᠠᠰᠢᠭ ᠣᠷᠣᠯᠭ᠎ᠠ ᠮᠠᠰᠢ ᠰᠠᠶᠢᠨ ᠪᠠᠶᠢᠨ᠎ᠠ︾ ᠭᠡᠵᠦ | ᠰᠢᠦᠢ ᠯᠢ ᠷᠥᠩ ᠬᠡᠯᠡᠪᠡ᠃ | | | | | ᠤᠨᠴᠠᠯᠢᠬᠳᠤ ᠠᠵᠤ ᠦᠢᠯᠡᠰ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ︽ᠡᠬᠢ | ᠬᠥᠳᠡᠯᠭᠡᠬᠦ ᠬᠦᠴᠦᠨ︾ ᠮᠥᠨ᠃ ᠣᠲᠣ ᠪᠣᠯᠲᠠᠯ᠎ᠠ᠂ ᠲᠠᠪᠢᠨ ᠥᠷᠲᠡᠭᠡ ᠪᠠᠯᠭᠠᠰᠤᠨ ᠤ ᠮᠠᠯ ᠵᠢᠭᠦᠷᠲᠡᠨ ᠲᠡᠵᠢᠭᠡᠨ | ᠦᠷᠡᠵᠢᠭᠦᠯᠬᠦ ᠡᠷᠦᠬᠡ ᠨᠡᠶᠢᠲᠡ 698 ᠪᠠᠶᠢᠵᠤ᠂ 590 ᠦᠬᠡᠷ᠂ 19000 ᠬᠤᠨᠢ᠂ 1905 ᠭᠠᠭ᠋ᠠᠶ᠂ | 14617 ᠬᠡᠷ ᠤᠨ ᠵᠢᠭᠦᠷᠲᠡᠨ ᠲᠡᠵᠢᠭᠡᠵᠦ ᠪᠠᠶᠢᠨ᠎ᠠ᠃ ᠤᠯᠠᠨ ᠵᠢᠯ ᠤᠨ ᠲᠤᠷᠰᠢ᠂ ᠲᠠᠪᠢᠨ ᠥᠷᠲᠡᠭᠡ ᠪᠠᠯᠭᠠᠰᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠢ ᠠᠮᠵᠢᠵᠤ᠂ | ᠲᠦᠷᠦ ᠶᠢᠨ ᠪᠤᠳᠤᠯᠭ᠎ᠠ ᠪᠠᠷ ᠬᠦᠳᠦᠯᠦᠨ ᠵᠢᠯᠣᠭᠤᠳᠬᠤ ᠪᠠ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠤᠤᠯ ᠤᠨ | ᠠᠵᠤ ᠦᠢᠯᠡᠰ ᠤᠨ ᠰᠠᠭᠤᠷᠢᠨ ᠳᠡᠭᠡᠷ᠎ᠡ᠂ ᠤᠯᠠᠨ ᠲᠦᠮᠡᠨ ᠤ ᠤᠨᠴᠠᠯᠢᠬᠳᠤ ᠲᠡᠵᠢᠭᠡᠨ ᠦᠷᠡᠵᠢᠭᠦᠯᠬᠦ ᠦᠢᠯᠡᠰ ᠢ | ᠬᠥᠭᠵᠢᠭᠦᠯᠬᠦ ᠶᠢ ᠵᠣᠷᠢᠭᠵᠢᠭᠤᠯᠬᠤ ᠶᠢᠨ ᠬᠠᠮᠲᠤ ᠮᠡᠷᠭᠡᠵᠢᠯ ᠤᠨ ᠵᠢᠯᠤᠭᠤᠳᠤᠯᠭ᠎ᠠ ᠪᠣᠯᠤᠨ ᠮᠥᠷᠳᠡᠨ ᠦᠢᠯᠡᠴᠢᠯᠡᠬᠦ | ᠠᠵᠢᠯ ᠢ ᠰᠠᠶᠢᠲᠤᠷ ᠬᠢᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠴᠢᠨᠠᠭᠰᠢᠳᠠ | ᠥᠷᠭᠡᠳᠬᠡᠵᠦ᠂ ᠤᠨᠴᠠᠯᠢᠬᠳᠤ ᠲᠡᠵᠢᠭᠡᠨ ᠦᠷᠡᠵᠢᠭᠦᠯᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ | ᠠᠬᠢᠭᠤᠯᠵᠤ᠂ ᠬᠥᠳᠡᠭᠡ ᠲᠣᠰᠬᠤᠨ ᠤ ᠵᠢᠵᠢᠭ ᠠᠵᠤ ᠦᠢᠯᠡᠰ ᠢᠶᠠᠷ ᠬᠥᠭᠵᠢᠭᠦᠯᠦᠨ ᠮᠠᠨᠳᠤᠭᠤᠯᠬᠤ ᠶᠡᠭᠡ | ᠬᠠᠮᠲᠤᠷᠠᠯ ᠤᠨ ᠬᠦᠴᠦᠨ ᠢ ᠨᠢᠭᠲᠠᠷᠠᠭᠤᠯᠪᠠ᠃ | ︽ᠪᠢᠳᠡ ᠲᠠᠷᠢᠶᠠᠴᠢᠨ ᠡᠷᠦᠬᠡ ᠪᠠᠷ ᠰᠠᠭᠤᠷᠢ ᠪᠣᠯᠭᠠᠵᠤ᠂ ᠠᠵᠤ ᠦᠢᠯᠡᠰ ᠢᠶᠠᠷ ᠲᠦᠰᠢᠭ ᠪᠣᠯᠭᠠᠬᠤ᠂ | ᠪᠠᠶᠠᠵᠢᠬᠤ ᠪᠠᠷ ᠬᠠᠷᠠᠯᠲᠠ ᠪᠣᠯᠭᠠᠬᠤ ᠶᠢ ᠪᠠᠷᠢᠮᠲᠠᠯᠠᠵᠤ᠂ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ | ᠪᠠᠳᠠᠷᠠᠭᠤᠯᠵᠤ᠂ ᠤᠨᠴᠠᠯᠢᠬᠳᠤ ᠲᠡᠵᠢᠭᠡᠨ ᠦᠷᠡᠵᠢᠭᠦᠯᠬᠦ ᠦᠢᠯᠡᠰ ᠢ ᠵᠣᠷᠢᠭᠵᠢᠭᠤᠯᠤᠨ ᠬᠥᠭᠵᠢᠭᠦᠯᠪᠡ︾᠃ | ᠤᠯᠠᠭᠠᠨᠬᠤᠲᠠ ᠶᠢᠨ ᠲᠠᠪᠢᠨ ᠥᠷᠲᠡᠭᠡ ᠪᠠᠯᠭᠠᠰᠤᠨ ᠤ ᠳᠡᠳ᠋ ᠳᠠᠷᠤᠭ᠎ᠠ ᠸᠠᠩ ᠲᠦᠩ ᠢᠦᠶ ᠠᠴᠠ᠂ ᠵᠠᠯᠭᠠᠭᠠᠳ | ᠲᠠᠪᠢᠨ ᠥᠷᠲᠡᠭᠡ ᠪᠠᠯᠭᠠᠰᠤ ᠦᠷᠭᠦᠯᠵᠢᠯᠡᠨ ᠣᠲᠣ ᠶᠢᠨ ᠪᠠᠶᠢᠭ᠎ᠠ ᠠᠵᠤ ᠦᠢᠯᠡᠰ ᠤᠨ ᠰᠠᠭᠤᠷᠢ ᠳᠤ ᠲᠦᠰᠢᠭᠯᠡᠨ᠂ | ᠠᠷᠭ᠎ᠠ ᠰᠦᠪᠡᠭᠴᠢᠯᠡᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠡᠪᠴᠢᠶ᠎ᠡ ᠪᠠᠨ ᠥᠷᠭᠡᠳᠬᠡᠬᠦ᠂ ᠣᠷᠣᠯᠭ᠎ᠠ ᠪᠠᠨ | ᠨᠡᠮᠡᠭᠳᠡᠭᠦᠯᠬᠦ ᠶᠢ ᠠᠬᠢᠭᠤᠯᠬᠤ ᠶᠢ ᠠᠳᠬᠤᠵᠤ᠂ ᠣᠯᠠᠨ ᠲᠦᠮᠡᠨ ᠤ ᠢᠳᠡᠪᠬᠢᠵᠢᠯ ᠢ ᠭᠦᠢᠴᠡᠳ ᠳᠠᠶᠢᠴᠢᠯᠠᠨ᠂ | ᠲᠡᠵᠢᠭᠡᠨ ᠦᠷᠡᠵᠢᠭᠦᠯᠬᠦ ᠦᠢᠯᠡᠰ ᠢ ᠶᠡᠬᠡᠪᠡᠷ ᠬᠥᠭᠵᠢᠭᠦᠯᠵᠦ᠂ ᠲᠠᠪᠢᠨ ᠥᠷᠲᠡᠭᠡ ᠪᠠᠯᠭᠠᠰᠤᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠨ᠎ᠡ | ᠭᠡᠵᠦ ᠢᠯᠡᠷᠬᠡᠶᠢᠯᠡᠵᠡᠢ᠃ | |