| ᠵᠢᠯ ᠤᠨ ᠡᠬᠢᠨ ᠠᠴᠠ ᠨᠠᠭᠠᠰᠢ᠂ ᠤᠯᠠᠭᠠᠨᠬᠤᠲᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠴᠢᠩᠭᠠᠳᠬᠠᠵᠤ᠂ ᠬᠤᠸᠠᠨ ᠶᠤᠸᠠᠨ ᠠᠮᠢᠳᠤ ᠪᠣᠳᠠᠰ ᠤᠨ ᠠᠮᠲᠠᠲᠤ ᠢᠳᠡᠰᠢᠨ ᠲᠣᠰᠣᠨ ᠤ ᠲᠥᠷᠥᠯ ᠵᠦᠢᠯ ᠢ | ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠵᠤ᠂ ᠲᠤᠷᠰᠢᠯᠲᠠ ᠶᠢᠨ ᠱᠠᠲᠤᠨ ᠳᠤ ᠣᠷᠣᠬᠤ ᠶᠢ | ᠳᠠᠭᠠᠯᠳᠤᠨ᠂ ᠪᠥᠬᠦ ᠬᠤᠲᠠ ᠶᠢᠨ 2025 ᠣᠨ ᠤ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ︽ᠰᠠᠶᠢᠨ ᠡᠬᠢᠯᠡᠯᠲᠡ︾ ᠶᠢ ᠪᠡᠶᠡᠯᠡᠭᠦᠯᠪᠡ᠃ | ᠢᠳᠡᠰᠢᠨ ᠲᠣᠰᠣ ᠪᠣᠯᠪᠠᠰᠤᠷᠠᠭᠤᠯᠬᠤ ᠦᠢᠯᠡᠳᠪᠦᠷᠢ ᠶᠢᠨ ᠲᠠᠰᠤᠭ ᠲᠤ᠂ ᠮᠠᠰᠢᠨ ᠬᠦᠩᠭᠢᠨᠡᠵᠦ᠂ ᠲᠣᠰᠤᠨ | ᠦᠨᠦᠷ ᠰᠡᠩᠬᠢᠨᠡᠨ᠎ᠡ᠂ ᠠᠵᠤ ᠠᠬᠤᠶᠢᠯᠠᠯ ᠠᠴᠠ ᠶᠠᠭ ᠬᠥᠯᠳᠡᠭᠡᠵᠦ ᠰᠢᠬᠠᠬᠤ ᠦᠢᠯᠡᠳᠪᠦᠷᠢᠯᠡᠯ ᠤᠨ ᠱᠤᠭᠤᠮ ᠤᠨ | ᠲᠤᠷᠰᠢᠯᠲᠠ ᠬᠢᠵᠦ ᠪᠠᠶᠢᠨ᠎ᠠ᠃ ᠲᠣᠰ ᠲᠥᠷᠥᠯ ᠵᠦᠢᠯ ᠳᠤ ᠨᠡᠶᠢᠲᠡ 4800 ᠲᠦᠮᠡᠨ ᠲᠥᠭᠦᠷᠢᠭ ᠤᠨ ᠪᠠᠯᠠ | ᠣᠷᠣᠭᠤᠯᠬᠤ ᠪᠠᠷ ᠲᠥᠯᠥᠪᠯᠡᠵᠦ᠂ ᠵᠢᠯ ᠳᠤ 1.5 ᠲᠦᠮᠡᠨ ᠲᠣᠨ ᠨᠣᠭᠤᠭ᠎ᠠ ᠶᠢᠨ ᠦᠷ᠎ᠡ ᠶᠢ ᠬᠦᠯᠳᠡᠭᠡᠵᠦ ᠰᠢᠬᠠᠬᠤ | ᠲᠥᠬᠦᠭᠡᠷᠦᠮᠵᠢ 1 ᠢᠵᠢ᠂ ᠵᠢᠯ ᠳᠤ 1.5 ᠲᠦᠮᠡᠨ ᠲᠣᠨ ᠥᠳᠬᠡᠨ ᠬᠠᠯᠠᠭᠤᠨ ᠢᠶᠠᠷ ᠰᠢᠬᠠᠬᠤ ᠦᠢᠯᠡᠳᠪᠦᠷᠢᠯᠡᠯ | ᠤᠨ ᠱᠤᠭᠤᠮ ᠢ ᠰᠢᠨ᠎ᠡ ᠪᠠᠷ ᠪᠠᠶᠢᠭᠤᠯᠵᠤ᠂ ᠵᠢᠩᠬᠢᠨᠢ ᠪᠠᠷ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ | ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠬᠠᠩᠭᠠᠬᠤ ᠪᠣᠯᠤᠨ᠎ᠠ᠃ | | | | | ᠤᠯᠠᠭᠠᠨᠬᠤᠲᠠ ᠶᠢᠨ ᠬᠤᠸᠠᠨ ᠶᠤᠸᠠᠨ ᠠᠮᠢᠳᠤ ᠪᠣᠳᠠᠰ ᠤᠨ ᠮᠡᠷᠭᠡᠵᠢᠯ ᠤᠨ ᠨᠡᠭᠡᠭᠡᠯᠲᠡ ᠶᠢᠨ ᠪᠦᠷᠢᠨ ᠪᠣᠰᠤ | ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠬᠠᠨ ᠬᠤᠤ ᠫᠧᠩ᠄ ︽ᠬᠤᠸᠠᠨ ᠶᠤᠸᠠᠨ ᠠᠮᠢᠳᠤ | ᠪᠣᠳᠠᠰ ᠤᠨ ᠠᠮᠲᠠᠲᠤ ᠢᠳᠡᠭᠡᠨ ᠤ ᠲᠤᠰᠤᠨ ᠤ ᠲᠦᠷᠦᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ | ᠲᠣᠰᠣ ᠭᠠᠷᠭᠠᠬᠤ ᠨᠤᠷᠮ᠎ᠠ 40% ᠳᠤ ᠬᠦᠷᠴᠦ᠂ ᠦᠢᠯᠡᠳᠬᠦᠨ ᠤ ᠦᠷᠳᠡᠭ ᠳ᠋ᠦᠩᠰᠢᠭᠤᠷ ᠪᠤᠯᠵᠤ᠂ 40 ᠭᠠᠷᠤᠢ | ᠬᠥᠮᠦᠨ ᠤ ᠠᠵᠢᠯ ᠣᠯᠭᠤᠯᠲᠠ ᠶᠢ ᠲᠠᠶᠢᠴᠢᠯᠠᠨ᠎ᠠ︾ ᠭᠡᠵᠦ ᠬᠡᠯᠡᠪᠡ᠃ | ᠲᠥᠷᠥᠯ ᠵᠦᠢᠯ ᠲᠦᠷᠭᠡᠨ ᠢᠶᠠᠷ ᠠᠰᠢᠭᠯᠠᠯᠲᠠ ᠳᠤ ᠣᠷᠣᠭᠰᠠᠨ ᠨᠢ᠂ ᠤᠯᠠᠭᠠᠨᠬᠤᠲᠠ ᠶᠢᠨ ᠪᠣᠬᠢᠷᠲᠤᠯ | ᠥᠬᠡᠶ ᠠᠵᠤ ᠦᠢᠯᠡᠰ ᠤᠨ ᠬᠦᠷᠢᠶᠡᠯᠡᠩ ᠤᠨ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢ | ᠠᠬᠢᠭᠤᠯᠤᠭᠰᠠᠨ ᠠᠴᠠ ᠪᠣᠯᠤᠭᠰᠠᠨ ᠶᠤᠮ᠃ ᠡᠮᠦᠨᠡᠬᠢ ᠬᠤᠭᠤᠴᠠᠭᠠᠨ ᠳᠤ᠂ ᠠᠵᠤ ᠠᠬᠤᠶᠢᠯᠠᠯ ᠨᠢ ᠵᠠᠬ᠎ᠠ | ᠳᠡᠯᠭᠡᠭᠦᠷ ᠤᠨ ᠣᠷᠴᠢᠨ ᠲᠣᠭᠤᠷᠢᠨ ᠤ ᠬᠤᠪᠢᠷᠠᠯᠲᠠ᠂ ᠪᠠᠶᠢᠯᠳᠤᠬᠤ ᠪᠣᠳᠣᠯᠭ᠎ᠠ ᠶᠢᠨ ᠲᠣᠬᠢᠷᠠᠭᠤᠯᠤᠯᠲᠠ ᠠᠴᠠ ᠪᠣᠯᠵᠣ | ᠂ ᠶᠡᠷᠦ ᠵᠢᠩᠬᠢᠨᠢ ᠪᠠᠷ ᠠᠵᠢᠯ ᠡᠬᠢᠯᠡᠭᠦᠯᠦᠨ ᠪᠥᠲᠥᠭᠡᠨ ᠪᠠᠶᠢᠭᠤᠯᠤᠭ᠎ᠠ ᠥᠬᠡᠶ᠂ ᠬᠦᠷᠢᠶᠡᠯᠡᠩ ᠠᠴᠠ ᠪᠠᠶᠢᠳᠠᠯ ᠢ | ᠣᠶᠢᠯᠠᠭᠠᠭᠰᠠᠨ ᠤ ᠳᠠᠷᠠᠭ᠎ᠠ᠂ ᠠᠵᠤ ᠠᠬᠤᠶᠢᠯᠠᠯ ᠳᠤ ᠬᠠᠮᠢᠶᠠᠷᠤᠯᠲᠠ ᠶᠢᠨ ᠮᠠᠶ᠋ᠢᠭ ᠤᠨ ᠦᠢᠯᠡᠴᠢᠯᠡᠭᠡ ᠬᠠᠩᠭᠠᠵᠤ᠂ | ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠨ᠂ ᠲᠥᠷᠥᠯ ᠵᠦᠢᠯ ᠳᠤ ᠡᠨᠧᠷᠭᠢ ᠣᠯᠭᠤᠵᠤ ᠦᠷ᠎ᠡ ᠠᠰᠢᠭ ᠢ | ᠨᠡᠮᠡᠭᠳᠡᠭᠦᠯᠬᠦ ᠳᠤ ᠬᠦᠴᠦᠨ ᠨᠡᠮᠡᠷᠢᠯᠡᠪᠡ᠃ | | | | | ︽ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠦᠴᠦ ᠪᠠᠨ ᠬᠠᠮᠲᠤᠳᠬᠠᠨ ᠬᠠᠮᠵᠢᠯᠴᠠᠵᠤ᠂ ᠠᠵᠤ | ᠠᠬᠤᠶᠢᠯᠠᠯ ᠢ ᠬᠠᠮᠵᠢᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠰᠢᠯᠭᠠᠨ ᠠᠪᠬᠤ ᠲᠡᠦᠬᠡᠨ ᠠᠴᠠ ᠦᠯᠡᠳᠡᠭᠳᠡᠵᠦ | ᠢᠷᠡᠭᠰᠡᠨ ᠠᠰᠠᠭᠤᠳᠠᠯ᠂ ᠪᠡᠯᠡ ᠲᠣᠬᠢᠷᠠᠭᠤᠯᠬᠤ ᠵᠢᠭᠡᠯᠡᠯᠭᠡ ᠶᠢᠨ ᠬᠦᠴᠢᠷ ᠠᠰᠠᠭᠤᠳᠠᠯ ᠪᠠ ᠠᠵᠢᠯᠴᠢᠨ ᠡᠯᠰᠡᠬᠦ | ᠬᠡᠷᠡᠭᠴᠡᠭᠡ ᠱᠠᠭᠠᠷᠳᠠᠯᠭ᠎ᠠ ᠶᠢ ᠰᠢᠢᠳᠪᠦᠷᠢᠯᠡᠬᠦ ᠶᠢᠨ ᠬᠠᠮᠲᠤ ᠦᠯᠦ ᠬᠥᠳᠡᠯᠬᠦ ᠬᠥᠷᠥᠩᠭᠡ ᠶᠢᠨ ᠦᠨᠡᠮᠯᠡᠯ ᠪᠠ ᠲᠦᠷᠦᠯ | ᠵᠦᠢᠯ ᠤᠨ ᠠᠵᠢᠯ ᠡᠬᠢᠯᠡᠭᠦᠯᠬᠦ ᠭᠠᠷ ᠭᠦᠢᠴᠡᠳᠬᠡᠯ ᠢ ᠬᠠᠮᠵᠢᠨ ᠭᠦᠢᠴᠡᠳᠬᠡᠵᠦ᠂ ᠲᠦᠷᠦᠯ ᠵᠦᠢᠯ ᠢ ᠪᠠᠶᠢᠭᠤᠯᠵᠤ | ᠠᠰᠢᠭᠯᠠᠯᠲᠠ ᠳᠤ ᠣᠷᠣᠭᠤᠯᠬᠤ ᠳᠤ ᠬᠦᠴᠦᠨ ᠨᠡᠮᠡᠷᠢᠯᠡᠪᠡ︾ ᠭᠡᠵᠦ ᠤᠯᠠᠭᠠᠨᠬᠤᠲᠠ ᠶᠢᠨ ᠪᠣᠬᠢᠷᠳᠠᠯ ᠦᠭᠡᠢ ᠠᠵᠤ | ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠠᠵᠢᠯᠲᠠᠨ ᠳᠡᠭᠵᠢᠷᠡᠬᠦ ᠬᠡᠯᠡᠪᠡ᠃ | |