ᠤᠯᠠᠭᠠᠨᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ︽ᠪᠠᠴᠢᠮ ᠪᠠᠶᠢᠳᠠᠯ ᠢ ᠠᠷᠭᠠᠴᠠᠭᠠᠬᠤ ᠡᠷᠳᠡᠨᠢ︾ APP ᠶᠢᠨ ᠲᠤᠰᠬᠠᠶ ᠰᠡᠳᠦᠪᠲᠦ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2025/3/17
        ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠶᠢ ᠨᠢᠭᠡ ᠴᠣᠭᠴᠠᠵᠢᠭᠤᠯᠤᠭᠰᠠᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 11 ᠤ ᠡᠳᠦᠷ᠂ ᠤᠯᠠᠭᠠᠨᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠵᠢᠴᠢ ᠠᠶᠤᠯᠲᠤ ᠬᠢᠮᠢ ᠶᠢᠨ ᠪᠣᠳᠠᠰ ᠦᠢᠯᠡᠳᠪᠦᠷᠢᠯᠡᠵᠦ ᠡᠵᠡᠩᠨᠡᠬᠦ ᠨᠢᠭᠡᠴᠢ ᠶᠢ ᠵᠣᠬᠢᠶᠠᠨ ᠪᠠᠶᠢᠭᠤᠯᠵᠤ᠂ ︽ᠪᠠᠴᠢᠮ ᠪᠠᠶᠢᠳᠠᠯ ᠢ ᠠᠷᠭᠠᠴᠠᠭᠠᠬᠤ ᠡᠷᠳᠡᠨᠢ︾ APP ᠶᠢ ᠠᠵᠢᠯᠯᠠᠭᠤᠯᠬᠤ ᠪᠠ ᠬᠡᠷᠡᠭᠯᠡᠬᠦ ᠲᠤᠰᠬᠠᠶ ᠰᠡᠳᠦᠪᠲᠦ ᠪᠣᠯᠪᠠᠰᠤᠷᠠᠯ ᠥᠷᠨᠢᠭᠦᠯᠵᠦ᠂ ᠪᠥᠬᠦ ᠬᠤᠲᠠ ᠶᠢᠨ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠳᠤ ︽ᠣᠶᠤᠨᠴᠢ ᠬᠥᠳᠡᠯᠭᠡᠬᠦ ᠬᠦᠴᠦᠨ︾ ᠨᠡᠮᠡᠷᠢᠯᠡᠪᠡ᠃
1.jpg
        ᠪᠣᠯᠪᠠᠰᠤᠷᠠᠯ ᠤᠨ ᠳᠤᠮᠳᠠ᠂ ᠤᠯᠠᠭᠠᠨᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠳ ᠳᠠᠯᠳᠠ ᠬᠡᠮ ᠢ ᠣᠷᠣᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠴᠡᠭᠴᠡᠯᠡᠨ ᠰᠠᠶᠢᠵᠢᠷᠠᠭᠤᠯᠵᠤ ᠮᠥᠷᠳᠡᠬᠦ ᠵᠡᠷᠭᠡ ᠪᠣᠯᠤᠩ ᠤᠨ ᠠᠵᠢᠯᠯᠠᠭᠠᠨ ᠤ ᠲᠣᠭᠤᠷᠢᠨ ᠳᠤ ᠨᠠᠷᠢᠨ ᠲᠠᠶᠢᠯᠤᠮᠵᠢ ᠬᠢᠵᠦ᠂ ᠠᠵᠤ ᠠᠬᠤᠶᠢᠯᠠᠯ ᠤᠨ ︽ᠪᠣᠰᠤᠳ ᠢᠶᠠᠷ ᠱᠠᠭᠠᠷᠳᠠᠭᠤᠯᠬᠤ︾ ᠠᠴᠠ ︽ᠥᠪᠡᠷ ᠢᠶᠠᠨ ᠥᠪᠡᠷ ᠢ ᠪᠠᠨ ᠱᠠᠭᠠᠷᠳᠠᠬᠤ︾ ᠳᠠᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠪᠠ᠃ ᠣᠶᠢᠯᠠᠭᠠᠭᠰᠠᠨ ᠢᠶᠠᠷ᠂ ︽ᠪᠠᠴᠢᠮ ᠪᠠᠶᠢᠳᠠᠯ ᠢ ᠠᠷᠭᠠᠴᠠᠭᠠᠬᠤ ᠡᠷᠳᠡᠨᠢ︾ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠰᠣᠳᠤᠯᠤᠨ ᠨᠡᠭᠡᠭᠡᠭᠰᠡᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠳᠤ ᠬᠦᠴᠦᠨ ᠨᠡᠮᠡᠷᠢᠯᠡᠬᠦ ᠨᠢᠭᠡᠨ ᠵᠦᠢᠯ ᠤᠨ APP ᠪᠣᠯᠤᠨ᠎ᠠ᠂ ᠠᠵᠤ ᠠᠬᠤᠶᠢᠯᠠᠯ ︽ᠪᠠᠴᠢᠮ ᠪᠠᠶᠢᠳᠠᠯ ᠢ ᠠᠷᠭᠠᠴᠠᠭᠠᠬᠤ ᠡᠷᠳᠡᠨᠢ︾ ᠲᠠᠪᠴᠠᠩ ᠢᠶᠠᠷ ᠳᠠᠮᠵᠢᠨ ᠲᠣᠰ ᠪᠡᠶ᠎ᠡ ᠶᠢᠨ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢᠶᠠᠨ ᠴᠠᠭ ᠲᠤᠬᠠᠶ ᠳᠤᠨᠢ᠂ ᠪᠥᠬᠦ ᠲᠠᠯ᠎ᠠ ᠪᠠᠷ ᠡᠵᠡᠮᠰᠢᠵᠦ᠂ ᠳᠠᠯᠳᠠ ᠬᠡᠮ ᠢ ᠰᠢᠢᠳᠪᠦᠷᠢᠯᠡᠵᠦ ᠳᠡᠶᠢᠯᠦᠨ᠎ᠡ᠃        ︽ᠡᠨᠡ ᠬᠦ APP ᠨᠢ ᠮᠠᠨ ᠤ ᠠᠵᠤ ᠠᠬᠤᠶᠢᠯᠠᠯ ᠤᠨ ᠦᠢᠯᠡᠳᠪᠦᠷᠢ ᠶᠢᠨ ᠲᠠᠰᠤᠭ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠳᠤ ᠬᠦᠴᠦᠨ ᠨᠡᠮᠡᠷᠢᠯᠡᠵᠦ᠂ ᠲᠡᠭᠦᠨ ᠢ ᠬᠡᠷᠡᠭᠯᠡᠨ ᠲᠡᠮᠳᠡᠭᠯᠡᠵᠦ᠂ ᠮᠥᠷᠳᠡᠵᠦ ᠲᠥᠬᠦᠮ ᠪᠥᠭᠡᠳ ᠥᠨᠳᠥᠷ ᠪᠦᠲᠦᠮᠵᠢᠲᠡᠶ︾ ᠭᠡᠵᠦ ᠤᠯᠠᠭᠠᠨᠬᠤᠲᠠ ᠶᠢᠨ ᠪᠥᠸᠧ ᠶᠤᠸᠠᠨ ᠬᠢᠮᠢ ᠶᠢᠨ ᠬᠢᠵᠠᠭᠠᠷᠲᠤ ᠺᠣᠮᠫᠠᠨᠢ ᠶᠢᠨ ᠠᠮᠤᠷ ᠲᠦᠪᠰᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭᠠᠨ ᠤ ᠠᠮᠤᠷ ᠲᠦᠪᠰᠢᠨ ᠤ ᠢᠨᠵᠧᠨᠧᠷ ᠯᠢ ᠸᠠᠨ ᠰᠢᠶᠠᠨ ᠬᠡᠯᠡᠪᠡ᠃
2.jpg
        ᠲᠣᠰ ᠤᠳᠠᠭᠠᠨ ᠤ ᠪᠣᠯᠪᠠᠰᠤᠷᠠᠯ ᠨᠢ ᠪᠥᠬᠦ ᠬᠤᠲᠠ ᠶᠢᠨ 91 ᠭᠤᠤᠯᠳᠠᠯᠭ᠎ᠠ ᠲᠠᠢ ᠠᠵᠤ ᠠᠬᠤᠶᠢᠯᠠᠯ ᠢ ᠬᠠᠮᠤᠷᠴᠤ᠂ ᠪᠣᠯᠪᠠᠰᠤᠷᠠᠯ ᠳᠤ ᠣᠷᠣᠯᠴᠠᠭᠰᠠᠳ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠨᠣᠷᠮ᠎ᠠ 100% ᠳᠤ ᠬᠦᠷᠴᠦ᠂ ᠠᠵᠤ ᠠᠬᠤᠶᠢᠯᠠᠯ ᠠᠴᠠ ᠲᠤᠬᠠᠶ ᠶᠢᠨ ᠲᠠᠯᠠᠪᠠᠢ ᠳᠤ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠵᠤ᠂ 145 ᠡᠩ ᠤᠨ ᠳᠠᠯᠳᠠ ᠬᠡᠮ ᠢ ᠳᠡᠭᠡᠭᠰᠢ ᠮᠡᠳᠡᠭᠦᠯᠪᠡ᠃ ︽ᠪᠠᠴᠢᠮ ᠪᠠᠶᠢᠳᠠᠯ ᠢ ᠠᠷᠭᠠᠴᠠᠭᠠᠬᠤ ᠡᠷᠳᠡᠨᠢ︾ ᠶᠢ ᠳᠡᠯᠭᠡᠷᠡᠭᠦᠯᠦᠨ ᠬᠡᠷᠡᠭᠯᠡᠬᠦ ᠨᠢ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠰᠦᠯᠵᠢᠶᠡᠨ ᠳᠡᠭᠡᠷ᠎ᠡ ᠠᠵᠤ ᠠᠬᠤᠶᠢᠯᠠᠯ ᠲᠠᠢ ᠬᠠᠷᠢᠯᠴᠠᠨ ᠬᠥᠳᠡᠯᠦᠯᠴᠡᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠡᠷᠴᠢᠮ ᠲᠠᠢ ᠮᠥᠷᠲᠡᠭᠡᠨ ᠬᠠᠶᠢᠷ᠎ᠠ ᠰᠡᠳᠬᠢᠯᠭᠡ ᠲᠠᠢ ᠪᠣᠯᠭᠠᠪᠠ᠃        ︽ᠲᠠᠷᠠᠭᠠᠴᠢ ᠶᠢᠨ ᠠᠯᠬᠤᠮ ᠳᠤ᠂ ᠤᠯᠠᠭᠠᠨᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ︿ᠪᠠᠴᠢᠮ ᠪᠠᠶᠢᠳᠠᠯ ᠢ ᠠᠷᠭᠠᠴᠠᠭᠠᠬᠤ ᠡᠷᠳᠡᠨᠢ﹀ APP ᠶᠢ ᠳᠡᠯᠭᠡᠷᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠯᠤᠰ ᠠᠴᠠ ᠬᠢᠨᠠᠨ ᠬᠠᠮᠢᠶᠠᠷᠬᠤ᠂ ᠰᠢᠯᠵᠢᠮᠡᠯ ᠬᠢᠨᠠᠨ ᠬᠠᠮᠢᠶᠠᠷᠬᠤ ᠪᠠ ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠨ ᠡᠵᠡᠮᠳᠡᠬᠦ ᠪᠠᠷ ᠣᠨᠴᠠᠯᠢᠭ ᠪᠣᠯᠭᠠᠭᠰᠠᠨ ︿ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ﹀ ᠶᠢ ᠤᠶᠠᠯᠳᠤᠭᠤᠯᠤᠭᠰᠠᠨ ᠲᠤᠬᠠᠶ ᠶᠢᠨ ᠲᠠᠯᠠᠪᠤᠷ ᠤᠨ ᠪᠤᠰᠤ ᠬᠠᠤᠯᠢ ᠬᠡᠷᠡᠭᠵᠢᠭᠦᠯᠬᠦ ᠠᠵᠢᠯ ᠤᠨ ᠵᠠᠭᠪᠤᠷ ᠢᠶᠠᠷ ᠲᠤᠬᠠᠢ ᠶᠢᠨ ᠲᠠᠯᠠᠪᠠᠢ ᠶᠢᠨ ᠬᠠᠤᠯᠢ ᠬᠡᠷᠡᠭᠵᠢᠭᠦᠯᠬᠦ ᠪᠠᠶᠢᠴᠠᠭᠠᠯᠲᠠ ᠶᠢᠨ ᠲᠤᠭ᠎ᠠ ᠤᠳᠠᠭ᠎ᠠ  ᠶᠢ ᠪᠠᠭᠠᠰᠬᠠᠵᠤ᠂ ᠪᠠᠶᠢᠴᠠᠭᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︾ ᠭᠡᠵᠦ ᠤᠯᠠᠭᠠᠨᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠠᠶᠤᠯᠲᠤ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠳᠤᠮᠳᠠ ᠠᠩᠭᠢ ᠶᠢᠨ ᠳᠠᠷᠤᠭ᠎ᠠ ᠶᠠᠩ ᠢ ᠰᠢᠩ ᠬᠡᠯᠡᠪᠡ᠃
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号