| 3 ᠰᠠᠷ᠎ᠠ ᠶᠢᠨ 14 ᠤ ᠡᠳᠦᠷ᠂ ᠤᠯᠠᠭᠠᠨᠬᠤᠲᠠ 2025 ᠣᠨ ᠤ ᠨᠠᠮ ᠤᠨ ᠪᠠᠶᠢᠭᠤᠯᠤᠯᠲᠠ ᠶᠢᠨ ᠣᠯᠠᠨ | ᠲᠦᠮᠡᠨ ᠤ ᠪᠦᠯᠬᠦᠮ ᠤᠨ ᠠᠵᠢᠯ ᠤᠨ ᠬᠤᠷᠠᠯ ᠬᠤᠷᠠᠯᠳᠤᠭᠤᠯᠵᠤ᠂ 2024 ᠣᠨ ᠤ ᠠᠵᠢᠯ ᠢᠶᠠᠨ ᠳ᠋ᠦᠩᠨᠡᠵᠦ᠂ | 2025 ᠣᠨ ᠤ ᠪᠥᠬᠦ ᠬᠤᠲᠠ ᠶᠢᠨ ᠨᠠᠮ ᠤᠨ ᠪᠠᠶᠢᠭᠤᠯᠤᠯᠲᠠ ᠶᠢᠨ ᠣᠯᠠᠨ ᠲᠦᠮᠡᠨ ᠤ ᠪᠦᠯᠬᠦᠮ ᠤᠨ ᠠᠵᠢᠯ ᠤᠨ | ᠭᠤᠤᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ | ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠢᠦᠶ ᠳ᠋ᠡ ᠮᠢᠩ ᠬᠤᠷᠠᠯ ᠡᠷᠭᠢᠯᠡᠨ ᠶᠠᠷᠢᠶ᠎ᠠ | ᠲᠠᠯᠪᠢᠵᠤ᠂ ᠬᠤᠲᠠ ᠶᠢᠨ ᠤᠳᠤᠷᠢᠳᠤᠯᠭ᠎ᠠ ᠰᠥᠩ ᠹᠸᠢ᠂ ᠸᠠᠩ ᠮᠢᠩ ᠶᠠᠩ᠂ ᠸᠠᠩ ᠶᠢᠩ ᠴᠢᠶᠦ᠋ᠨ᠂ ᠵᠠᠩ | ᠴᠢᠤᠸᠠᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠬᠤᠲᠠ ᠶᠢᠨ ᠤᠳᠤᠷᠢᠳᠤᠯᠭ᠎ᠠ ᠰᠥᠩ ᠹᠸᠢ᠂ ᠸᠠᠩ ᠮᠢᠩ ᠶᠠᠩ᠂ ᠸᠠᠩ ᠶᠢᠩ ᠴᠢᠶᠦ᠋ᠨ | ᠲᠣᠰ ᠲᠣᠰ 2025 ᠣᠨ ᠤ ᠤᠯᠠᠭᠠᠨᠬᠤᠲᠠ ᠶᠢᠨ ᠨᠢᠭᠡᠳᠦᠮᠡᠯ ᠹᠷᠣᠨᠲ ᠤᠨ ᠠᠵᠢᠯ᠂ ᠤᠬᠠᠭᠤᠯᠭ᠎ᠠ ᠶᠢᠨ ᠠᠵᠢᠯ᠂ | ᠵᠣᠬᠢᠶᠠᠨ ᠪᠠᠶᠢᠭᠤᠯᠬᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠡᠴᠦᠰ ᠤᠨ ᠵᠢᠯ᠂ ᠪᠠᠰᠠ ᠴᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ ᠪᠥᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠲᠦᠷᠦᠭᠦᠯᠡᠨ ᠤᠯᠤᠰ ᠲᠥᠷᠥ ᠶᠢᠨ ᠪᠠᠶᠢᠭᠤᠯᠤᠯᠲᠠ ᠶᠢ ᠦᠨᠳᠦᠰᠦᠨ ᠪᠠᠶᠢᠭᠤᠯᠤᠯᠲᠠ ᠪᠣᠯᠭᠠᠵᠤ᠂ | ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ | ᠡᠵᠡᠮᠳᠡᠵᠦ᠂ ᠶᠡᠭᠡ ᠲᠠᠯ᠎ᠠ ᠳᠤ ᠦᠢᠯᠡᠴᠢᠯᠡᠬᠦ ᠳᠤᠮᠳᠠ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ 2024 | ᠣᠨ ᠤ ᠨᠠᠮ ᠤᠨ ᠪᠠᠶᠢᠭᠤᠯᠤᠯᠲᠠ ᠶᠢᠨ ᠣᠯᠠᠨ ᠲᠦᠮᠡᠨ ᠤ ᠪᠦᠯᠬᠦᠮ ᠤᠨ ᠠᠵᠢᠯ ᠤᠨ ᠠᠮᠵᠢᠯᠲᠠ ᠪᠦᠲᠦᠮᠵᠢ ᠶᠢᠨ | ᠰᠠᠭᠤᠷᠢᠨ ᠳᠡᠭᠡᠷ᠎ᠡ᠂ ᠨᠠᠩ ᠣᠯᠠᠨ ᠣᠶᠤᠨ ᠴᠢᠳᠠᠯ ᠪᠠ ᠴᠠᠭ ᠬᠤᠭᠤᠴᠠᠭ᠎ᠠ ᠣᠷᠣᠭᠤᠯᠵᠤ᠂ ᠨᠠᠩ ᠪᠣᠳᠠᠲᠠᠶ ᠠᠷᠭ᠎ᠠ | ᠬᠡᠮᠵᠢᠶ᠎ᠡ ᠪᠠᠷ ᠨᠠᠮ ᠤᠨ ᠪᠠᠶᠢᠭᠤᠯᠤᠯᠲᠠ ᠶᠢᠨ ᠣᠯᠠᠨ ᠲᠦᠮᠡᠨ ᠤ ᠪᠦᠯᠬᠦᠮ ᠤᠨ ᠡᠯ᠎ᠡ ᠵᠦᠢᠯ ᠤᠨ ᠠᠵᠢᠯ ᠤᠨ | ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠶᠢ ᠨᠠᠩ ᠢᠯᠡᠷᠬᠡᠶ ᠪᠣᠯᠭᠠᠬᠤ ᠬᠡᠷᠡᠭᠲᠡᠶ ᠭᠡᠵᠡᠢ᠃ | | ᠬᠤᠷᠠᠯ ᠠᠴᠠ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ | ᠤᠯᠠᠨ ᠨᠠᠮ ᠤᠨ ᠭᠡᠰᠢᠭᠦᠨ ᠺᠠᠳ᠋ᠷ ᠤᠯᠤᠰ ᠲᠦᠷᠦ ᠶᠢᠨ ᠪᠠᠶᠢᠭᠤᠯᠤᠯᠲᠠ ᠪᠠᠨ ᠴᠢᠩᠭᠠᠳᠬᠠᠵᠤ᠂ ︽ᠬᠤᠶᠠᠷ ᠢ | ᠲᠣᠭᠲᠠᠭᠠᠬᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ | ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ | ᠶᠢ ᠪᠡᠶᠡᠯᠡᠭᠦᠯᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠠᠵᠢᠯ ᠢ ᠰᠢᠯᠢᠳᠡᠭᠵᠢᠭᠦᠯᠵᠦ᠂ ᠬᠥᠮᠦᠵᠢᠯ | ᠪᠣᠯᠪᠠᠰᠤᠷᠠᠯ ᠢ ᠭᠦᠨᠵᠡᠭᠡᠶᠢᠷᠡᠭᠦᠯᠵᠦ᠂ ᠴᠢᠳᠠᠪᠤᠷᠢᠲᠠᠨ ᠢ ᠬᠥᠮᠦᠵᠢᠭᠦᠯᠬᠦ ᠠᠵᠢᠯ ᠢ ᠰᠢᠨᠵᠢᠯᠡᠬᠦ ᠤᠬᠠᠭᠠᠨᠴᠢ ᠪᠠᠷ ᠤᠨᠢᠨ | ᠳᠡᠭᠡᠷ᠎ᠡ ᠨᠢ ᠰᠠᠶᠢᠲᠤᠷ ᠠᠳᠬᠤᠬᠤ ᠬᠡᠷᠡᠭᠲᠡᠢ᠃ ᠤᠬᠠᠭᠤᠯᠭ᠎ᠠ ᠶᠢᠨ ᠠᠵᠢᠯ ᠢ ᠴᠢᠩᠭᠠᠳᠬᠠᠵᠤ᠂ ᠭᠤᠣᠯ | ᠤᠷᠤᠰᠬᠠᠯ ᠤᠨ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ ᠪᠤᠵᠠᠭᠠᠶᠢᠷᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ | ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠦᠵᠡᠯ ᠤᠬᠠᠮᠰᠠᠷ ᠤᠨ | ᠬᠡᠯᠪᠡᠷᠢ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠡᠢ᠃ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ | ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ | ᠰᠢᠵᠢᠮ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ᠂ ᠱᠠᠰᠢᠨ ᠰᠤᠷᠲᠠᠬᠤᠨ ᠵᠡᠷᠭᠡ ᠠᠵᠢᠯ ᠢ ᠯᠠᠪᠳᠠᠭᠤᠨ ᠪᠠᠲᠤᠲᠠᠢ | ᠪᠦᠲᠦᠮᠵᠢᠲᠡᠢ ᠰᠠᠶᠢᠲᠤᠷ ᠬᠢᠵᠦ᠂ ᠤᠯᠠᠨ ᠲᠦᠮᠡᠨ ᠤ ᠪᠦᠯᠬᠦᠮ ᠤᠨ ᠠᠵᠢᠯ ᠢ ᠪᠣᠳᠠᠲᠠᠶᠢᠵᠢᠭᠤᠯᠵᠤ᠂ ᠡᠯ᠎ᠡ ᠱᠠᠲᠤᠨ ᠤ | ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢ | ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠨᠠᠮ ᠤᠨ ᠦᠭᠡ ᠶᠢ | ᠰᠣᠨᠣᠰᠬᠤ᠂ ᠨᠠᠮ ᠢᠶᠠᠨ ᠳᠠᠭᠠᠬᠤ ᠤᠯᠤᠰ ᠲᠦᠷᠦ ᠶᠢᠨ ᠡᠭᠦᠷᠭᠡ ᠶᠢ ᠦᠨᠡᠨ ᠬᠦ ᠡᠭᠦᠷᠭᠡᠯᠡᠭᠦᠯᠵᠦ᠂ ᠪᠦᠬᠦ | ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | | | | |