| 3 ᠰᠠᠷ᠎ᠠ ᠶᠢᠨ 15 ᠤ ᠡᠳᠦᠷ᠂ ᠤᠯᠠᠭᠠᠨᠬᠤᠲᠠ 2025 ᠣᠨ ᠤ ᠳᠡᠭᠡᠷ᠎ᠡ ᠬᠠᠭᠠᠰ ᠵᠢᠯ ᠤᠨ ᠰᠢᠨ᠎ᠡ | ᠴᠡᠷᠢᠭ ᠤᠨ ᠴᠡᠷᠢᠭ ᠲᠤ ᠣᠷᠣᠬᠤ ᠶᠣᠰᠣᠯᠠᠯ ᠶᠠᠪᠤᠭᠤᠯᠪᠠ᠃ ᠤᠯᠠᠭᠠᠨᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠳᠤᠷᠢᠳᠤᠯᠭ᠎ᠠ᠂ ᠬᠤᠲᠠ ᠶᠢᠨ ᠴᠡᠷᠢᠭ | ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠴᠧ ᠯᠦᠨ᠂ ᠬᠤᠲᠠ ᠶᠢᠨ ᠴᠡᠷᠢᠭ ᠡᠯᠰᠡᠬᠦ | ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ᠂ 2025 ᠣᠨ ᠤ ᠳᠡᠭᠡᠷ᠎ᠡ ᠬᠠᠭᠠᠰ ᠵᠢᠯ ᠳᠤ | ᠤᠯᠠᠭᠠᠨᠬᠤᠲᠠ ᠶᠢᠨ ᠴᠡᠷᠢᠭ ᠲᠤ ᠡᠯᠰᠡᠭᠳᠡᠭᠰᠡᠨ ᠪᠥᠬᠦ ᠰᠢᠨ᠎ᠡ ᠴᠡᠷᠢᠭ ᠵᠢᠴᠢ ᠰᠢᠨ᠎ᠡ ᠴᠡᠷᠢᠭ ᠤᠨ ᠬᠡᠷ ᠤᠨ ᠠᠬᠠᠮᠠᠳ | ᠠᠵᠢᠯᠯᠠᠭ᠎ᠠ ᠳᠤ ᠣᠷᠣᠯᠴᠠᠪᠠ᠃ | | | | | ᠶᠣᠰᠣᠯᠠᠯ ᠨᠢ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠬᠥᠰᠢᠭᠡ ᠪᠠᠨ | ᠰᠡᠬᠦᠵᠦ᠂ ᠪᠦᠬᠦ ᠬᠥᠮᠦᠰ ᠲᠥᠪ ᠵᠣᠭᠰᠣᠵᠤ᠂ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠪᠠ᠃ | ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ ᠰᠢᠨ᠎ᠡ ᠴᠡᠷᠢᠭ ᠤᠨ ᠲᠥᠯᠥᠭᠡᠯᠡᠭᠴᠢ ᠳᠤ ᠤᠯᠠᠭᠠᠨ ᠬᠤᠸᠠᠷ | ᠵᠡᠭᠦᠯᠭᠡᠪᠡ᠃ ᠤᠯᠠᠭᠠᠨᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶᠠᠨ ᠤ ᠬᠠᠮᠢᠶ᠎ᠠ ᠪᠥᠬᠦᠶ | ᠬᠠᠷᠢᠭᠤᠴᠠᠯᠭᠠᠲᠠᠨ ᠰᠢᠨ᠎ᠡ ᠴᠡᠷᠢᠭ ᠤᠨ ᠬᠡᠷ ᠪᠦᠯᠢ ᠶᠢᠨ ᠲᠥᠯᠥᠭᠡᠯᠡᠭᠴᠢ ᠳᠤ ︽ᠢᠷᠠᠭᠤ ᠠᠯᠳᠠᠷᠲᠤ ᠬᠡᠷ ᠪᠦᠯᠢ︾ | ᠭᠡᠬᠦ ᠫᠠᠶᠢᠰᠠ ᠣᠯᠭᠤᠪᠠ᠃ ᠳᠠᠷᠠᠭ᠎ᠠ ᠨᠢ᠂ ᠰᠢᠨ᠎ᠡ ᠴᠡᠷᠢᠭ ᠤᠨ ᠲᠥᠯᠥᠭᠡᠯᠡᠭᠴᠢ ᠪᠣᠯᠤᠨ ᠭᠡᠷ ᠤᠨ ᠠᠬᠠᠮᠠᠳ ᠤᠨ | ᠲᠥᠯᠥᠭᠡᠯᠡᠭᠴᠢ ᠶᠠᠷᠢᠶ᠎ᠠ ᠲᠠᠯᠪᠢᠪᠠ᠃ | | | | | ᠴᠧ ᠯᠦᠨ ᠠᠴᠠ ᠪᠦᠬᠦ ᠰᠢᠨ᠎ᠡ ᠴᠡᠷᠢᠭ ᠲᠤ ᠬᠠᠯᠠᠭᠤᠨ ᠪᠠᠶᠠᠷ ᠬᠦᠷᠭᠡᠬᠦ ᠶᠢᠨ ᠬᠠᠮᠲᠤ ᠰᠢᠨ᠎ᠡ ᠴᠡᠷᠢᠭ ᠤᠨ | ᠭᠡᠷ ᠪᠦᠯᠢ ᠶᠢᠨ ᠬᠢᠨ ᠳᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ᠂ ᠰᠢᠨ᠎ᠡ ᠴᠡᠷᠢᠭ ᠨᠢᠭᠡᠪᠦᠷᠢ ᠴᠡᠷᠢᠭ ᠤᠨ | ᠬᠤᠸᠠᠷᠠᠨ ᠳᠤ ᠤᠷᠤᠭᠰᠠᠨ ᠤ ᠳᠠᠷᠠᠭ᠎ᠠ᠂ ᠵᠠᠷᠯᠢᠭ ᠢ ᠳᠠᠭᠠᠵᠤ᠂ ᠵᠢᠯᠣᠭᠤᠳᠣᠯᠭ᠎ᠠ ᠶᠢ ᠳᠠᠭᠠᠵᠤ᠂ ᠴᠡᠷᠢᠭ ᠠᠩᠭᠢ ᠶᠢᠨ | ᠳᠦᠷᠢᠮ ᠲᠣᠭᠲᠠᠭᠠᠯ ᠪᠣᠯᠤᠨ ᠡᠯ᠎ᠡ ᠵᠦᠢᠯ ᠤᠨ ᠳᠦᠷᠢᠮ ᠲᠣᠭᠲᠠᠭᠠᠯ ᠢ ᠴᠢᠩᠭ᠎ᠠ ᠵᠢᠷᠤᠮᠯᠠᠵᠤ᠂ ᠣᠷᠣᠨ ᠨᠤᠲᠤᠭ ᠤᠨ | ᠵᠠᠯᠠᠭᠤᠴᠤᠳ ᠠᠴᠠ ᠬᠢᠷᠢ ᠲᠡᠩᠴᠡᠭᠰᠡᠨ ᠴᠡᠷᠢᠭ ᠬᠦᠷᠲᠡᠯᠡᠬᠢ ᠳᠦᠷᠢ ᠪᠠᠨ ᠬᠤᠪᠢᠷᠠᠭᠤᠯᠬᠤ ᠶᠢ ᠡᠷᠲᠡᠬᠡᠨ | ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠴᠡᠷᠢᠭ ᠠᠩᠭᠢ ᠶᠢᠨ ᠰᠠᠶᠢᠨ ᠰᠠᠶᠢᠬᠠᠨ ᠳᠦᠷᠢ ᠲᠥᠷᠬᠦ ᠶᠢ | ᠬᠠᠮᠠᠭᠠᠯᠠᠬᠤ ᠬᠡᠷᠡᠭᠲᠡᠢ᠃ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠵᠦ᠂ ᠨᠠᠮ ᠳᠠᠭᠠᠨ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠶᠢ ᠢᠮᠠᠭᠲᠠ ᠪᠠᠲᠤᠯᠠᠵᠤ᠂ | ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ | ᠶᠢ ᠡᠷᠡᠰ ᠪᠡᠶᠡᠯᠡᠭᠦᠯᠵᠦ᠂ ︽ᠨᠠᠮ ᠤᠨ ᠵᠢᠯᠤᠭᠤᠳᠤᠯᠭ᠎ᠠ ᠶᠢ ᠳᠠᠭᠠᠬᠤ᠂ ᠢᠯᠠᠭᠤᠭᠰᠠᠨ ᠲᠠᠶᠢᠨ ᠬᠢᠬᠦ᠂ ᠰᠤᠷᠲᠠᠯ | ᠰᠢᠯᠢᠳᠡᠭ ᠲᠠᠢ ᠪᠠᠶᠢᠬᠤ︾ ᠰᠢᠨ᠎ᠡ ᠴᠠᠭ ᠦᠶ᠎ᠡ ᠶᠢᠨ ᠰᠢᠯᠢᠳᠡᠭ ᠴᠡᠷᠢᠭ ᠪᠣᠯᠬᠤ ᠪᠠᠷ ᠴᠢᠷᠮᠠᠶᠢᠬᠤ ᠬᠡᠷᠡᠭᠲᠡᠢ᠃ ᠡᠷᠳᠡᠮ | ᠴᠢᠳᠠᠪᠤᠷᠢ ᠪᠠᠨ ᠬᠠᠲᠠᠭᠤᠵᠢᠯᠲᠠᠢ ᠪᠣᠯᠪᠠᠰᠤᠷᠠᠭᠤᠯᠵᠤ᠂ ᠤᠯᠤᠰ ᠣᠷᠣᠨ ᠳᠠᠭᠠᠨ ᠬᠦᠴᠦ ᠪᠠᠨ ᠡᠷᠭᠦᠵᠦ᠂ | ᠲᠤᠬᠠᠶᠢᠯᠠᠭᠰᠠᠨ ᠠᠵᠢᠯ ᠤᠨ ᠪᠠᠶᠢᠷᠢ ᠳᠡᠭᠡᠷ᠎ᠡ᠂ ᠲᠠᠶᠢᠨ ᠳᠤ ᠪᠡᠯᠡᠳᠬᠡᠬᠦ ᠠᠶᠠᠨ ᠵᠠᠮ ᠳᠠᠭᠠᠨ ᠡᠷᠡᠯᠬᠡᠭᠯᠡᠨ ᠲᠡᠮᠡᠴᠡᠵᠦ᠂ | ᠨᠤᠲᠤᠭ ᠤᠰᠤᠨ ᠳᠠᠭᠠᠨ ᠢᠷᠠᠭᠤ ᠠᠯᠳᠠᠷ ᠣᠯᠵᠤ᠂ ᠬᠥᠮᠦᠨ ᠤ ᠠᠮᠢᠳᠤᠷᠠᠯ ᠳᠤ ᠪᠠᠨ ᠭᠡᠷᠡᠯ ᠭᠢᠯᠪᠠᠭ᠎ᠠ ᠨᠡᠮᠡᠷᠢᠯᠡᠬᠦ ᠶᠢ | ᠬᠦᠰᠡᠵᠦ ᠪᠠᠶᠢᠨ᠎ᠠ ᠭᠡᠵᠡᠢ᠃ | | | | | ᠠᠵᠢᠯᠯᠠᠭ᠎ᠠ ᠨᠢ ᠴᠡᠷᠢᠭ ᠤᠨ ᠳᠠᠭᠤᠨ ᠤ ᠳᠤᠮᠳᠠ ᠲᠡᠭᠦᠰᠪᠡ᠃ | ︽ᠰᠢᠨ᠎ᠡ ᠴᠠᠭ ᠦᠶ᠎ᠡ ᠶᠢᠨ ᠵᠠᠯᠠᠭᠤᠴᠤᠳ ᠪᠣᠯᠤᠭᠰᠠᠨ ᠤ ᠬᠤᠪᠢ ᠳᠤ᠂ ᠪᠢᠳᠡ ᠬᠦᠴᠦᠷᠬᠡᠭ ᠶᠡᠭᠡ | ᠤᠯᠤᠰ ᠤᠨ ᠪᠠᠲᠤᠯᠠᠨ ᠬᠠᠮᠠᠭᠠᠯᠠᠯᠲᠠ ᠪᠠᠶᠢᠬᠤ ᠦᠭᠡᠢ ᠪᠣᠯ ᠡᠬᠡ ᠤᠯᠤᠰ ᠤᠨ ᠬᠥᠭᠵᠢᠯ ᠪᠠᠳᠠᠷᠠᠯ ᠪᠠ ᠠᠷᠠᠳ | ᠲᠦᠮᠡᠨ ᠤ ᠵᠣᠯ ᠵᠢᠷᠭᠠᠯᠲᠤ ᠠᠮᠢᠳᠤᠷᠠᠯ ᠪᠠᠶᠢᠵᠤ ᠴᠢᠳᠠᠬᠤ ᠦᠭᠡᠢ ᠭᠡᠳᠡᠭ ᠢ ᠭᠦᠨ ᠣᠶᠢᠯᠠᠭᠠᠪᠠ᠃ ᠴᠡᠷᠢᠭ ᠤᠨ | ᠬᠤᠸᠠᠷᠠᠨ ᠳᠤ ᠤᠷᠤᠭᠰᠠᠨ ᠤ ᠳᠠᠷᠠᠭ᠎ᠠ᠂ ᠪᠢᠳᠡ ᠯᠠᠪᠲᠠᠶ ᠣᠨᠣᠯ ᠤᠨ ᠮᠡᠳᠡᠯᠭᠡ ᠶᠢ ᠴᠢᠷᠮᠠᠶᠢᠨ ᠰᠤᠷᠤᠯᠴᠠᠵᠤ᠂ | ᠴᠡᠷᠢᠭ ᠤᠨ ᠶᠠᠪᠤᠳᠠᠯ ᠤᠨ ᠤᠷ᠎ᠠ ᠴᠢᠳᠠᠪᠤᠷᠢ ᠶᠢ ᠬᠠᠲᠠᠭᠤᠵᠢᠯᠲᠠᠶ ᠪᠣᠯᠪᠠᠰᠤᠷᠠᠨ᠂ ᠴᠠᠭᠠᠷᠠᠭᠰᠠᠨ ᠡᠷᠳᠡᠮ ᠴᠢᠳᠠᠪᠤᠷᠢ ᠶᠢ | ᠡᠵᠡᠮᠰᠢᠵᠦ᠂ ᠰᠢᠨ᠎ᠡ ᠴᠠᠭ ᠦᠶ᠎ᠡ ᠶᠢᠨ ︿ᠳᠥᠷᠪᠡ ᠪᠠᠶᠢᠬᠤ﹀ ᠬᠤᠪᠢᠰᠬᠠᠯᠲᠤ ᠴᠡᠷᠢᠭ ᠪᠣᠯᠬᠤ ᠪᠠᠷ ᠴᠢᠷᠮᠠᠶᠢᠵᠤ᠂ | ᠭᠠᠪᠢᠶ᠎ᠠ ᠪᠠᠶᠢᠭᠤᠯᠤᠭᠰᠠᠨ ᠪᠠᠶᠠᠷ ᠤᠨ ᠴᠢᠮᠡᠭᠡ ᠶᠢ ᠡᠷᠲᠡᠬᠡᠨ ᠨᠤᠲᠤᠭ ᠲᠠᠭᠠᠨ ᠢᠯᠡᠭᠡᠨ᠎ᠡ︾ ᠭᠡᠵᠦ ᠰᠢᠨ᠎ᠡ ᠴᠡᠷᠢᠭ | ᠵᠤᠤ ᠴᠢᠶᠠᠩ ᠬᠡᠯᠡᠪᠡ᠃ | | | | |