ᠤᠯᠠᠭᠠᠨᠬᠤᠲᠠ 2025 ᠣᠨ ᠤ ︽3 · 15︾ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/17
        ᠬᠡᠷᠡᠭᠯᠡᠭᠴᠢᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ 3 ᠰᠠᠷ᠎ᠠ ᠶᠢᠨ 15 ᠤ ᠡᠳᠦᠷ᠂ ᠤᠯᠠᠭᠠᠨᠬᠤᠲᠠ 2025 ᠣᠨ ᠤ 3 ᠰᠠᠷ᠎ᠠ ᠶᠢᠨ 15 ᠳᠡᠯᠡᠬᠡᠢ ᠶᠢᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠤᠯᠠᠭᠠᠨᠬᠤᠲᠠ ᠶᠢᠨ ᠤᠳᠤᠷᠢᠳᠤᠯᠭ᠎ᠠ ᠮᠠ ᠮᠧᠩ᠂ ᠸᠠᠩ ᠮᠢᠩ ᠶᠠᠩ᠂ ᠪᠦᠦ ᠭᠦᠸᠧ ᠵᠦᠩ᠂ ᠵᠢᠶᠠᠩ ᠬᠤᠩ ᠵᠢᠶᠦ᠋ᠨ᠂ ᠭᠦᠸᠧ ᠵᠢᠶᠠ ᠴᠧᠩ ᠵᠢᠴᠢ ᠠᠶᠢᠮᠠᠭ ᠬᠤᠳᠠ ᠶᠢᠨ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠢ᠃
1.jpg
        ᠤᠯᠠᠭᠠᠨᠬᠤᠲᠠ ᠶᠢᠨ ᠸᠠᠨ ᠳ᠋ᠠ ᠬᠤᠳᠠᠯᠳᠤᠭᠠᠨ ᠤ ᠲᠠᠯᠠᠪᠠᠢ ᠶᠢᠨ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ ᠨᠠᠷ ︽3 · 15︾ ᠤ ᠭᠤᠣᠯ ᠰᠡᠳᠦᠪᠲᠦ ᠤᠬᠠᠭᠤᠯᠭ᠎ᠠ ᠶᠢᠨ ᠹᠢᠯᠢᠮ ᠢ ᠬᠠᠮᠲᠤᠪᠠᠷ ᠦᠵᠡᠵᠦ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠬᠤᠳᠠ ᠶᠢᠨ ᠳᠡᠳ᠋ ᠳᠠᠷᠤᠭ᠎ᠠ ᠪᠦᠦ ᠭᠦᠸᠧ ᠵᠦᠩ ᠠᠵᠢᠯᠯᠠᠭ᠎ᠠ ᠳᠤ ᠪᠠᠶᠠᠷ ᠤᠨ ᠦᠭᠡ ᠬᠡᠯᠡᠵᠡᠢ᠃ ᠳᠠᠷᠠᠭ᠎ᠠ ᠨᠢ᠂ ᠤᠯᠠᠭᠠᠨᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠬᠠᠮᠢᠶ᠎ᠠ ᠪᠥᠬᠦᠶ ᠠᠵᠢᠯᠲᠠᠨ ︽2024 ᠣᠨ ᠤ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠠᠷᠪᠠᠨ ᠶᠡᠭᠡ ᠨᠡᠶᠢᠲᠡᠯᠢᠭ ᠬᠡᠷᠡᠭ ᠤᠨ ᠵᠢᠱᠢᠶ᠎ᠡ︾ ᠶᠢ ᠨᠡᠶᠢᠲᠡᠯᠡᠵᠦ᠂ ᠬᠡᠷᠡᠭᠯᠡᠭᠴᠢᠳ ᠤᠨ ᠬᠠᠤᠯᠢ ᠴᠠᠭᠠᠵᠠ ᠶᠢᠨ ᠤᠬᠠᠮᠰᠠᠷ ᠪᠠ ᠡᠷᠬᠡ ᠪᠠᠨ ᠬᠠᠮᠠᠭᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠤ ᠬᠠᠮᠲᠤ ᠬᠤᠳᠠᠯᠳᠤᠭᠠᠴᠢᠨ ᠳᠤ ᠪᠠᠰᠠ ᠵᠢᠷᠤᠮᠵᠢᠭᠰᠠᠨ ᠡᠵᠡᠩᠨᠡᠯᠲᠡ ᠶᠢᠨ ᠵᠢᠱᠢᠶ᠎ᠡ ᠬᠠᠩᠭᠠᠭᠰᠠᠨ ᠪᠠᠶᠢᠨ᠎ᠠ᠃ ᠬᠤᠲᠠ ᠶᠢᠨ ᠤᠳᠤᠷᠢᠳᠤᠯᠭ᠎ᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠬᠠᠮᠲᠤ ᠦᠵᠡᠭᠦᠯᠭᠡ ᠶᠢᠨ ᠲᠣᠭᠤᠷᠢᠭ ᠢ ᠲᠣᠭᠤᠷᠢᠨ ᠦᠵᠡᠪᠡ᠃        ᠡᠭᠦᠨ ᠤ ᠬᠠᠮᠲᠤ᠂ ᠬᠡᠷ ᠤᠨ ᠭᠠᠳᠠᠨᠠᠬᠢ ᠠᠵᠢᠯᠯᠠᠭᠠᠨ ᠤ ᠲᠣᠭᠤᠷᠢᠭ ᠲᠤ᠂ ᠡᠯ᠎ᠡ ᠬᠠᠮᠢᠶ᠎ᠠ ᠪᠥᠬᠦᠶ ᠨᠢᠭᠡᠴᠢ  ᠠᠴᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠢᠳᠡᠭᠡᠨ ᠤ ᠠᠮᠤᠷ ᠲᠦᠪᠰᠢᠨ᠂ ᠵᠠᠭᠠᠯᠳᠤᠯᠭ᠎ᠠ ᠶᠢᠨ ᠵᠥᠪᠯᠡᠯᠭᠡ ᠥᠭᠬᠦ ᠵᠡᠷᠭᠡ 8 ᠠᠰᠠᠭᠤᠨ ᠯᠠᠪᠯᠠᠬᠤ ᠲᠠᠪᠴᠠᠩ ᠭᠠᠷᠭᠠᠵᠤ᠂ ᠣᠯᠠᠨ ᠲᠦᠮᠡᠨ ᠤ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ ᠥᠭᠴᠦ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠭᠤᠤᠯᠳᠠᠯᠭ᠎ᠠ ᠶᠢ ᠨᠠᠷᠢᠨ ᠲᠠᠶᠢᠯᠪᠤᠷᠢᠯᠠᠪᠠ᠃ ᠲᠤᠬᠠᠶ ᠶᠢᠨ ᠲᠠᠯᠠᠪᠠᠶ ᠳᠤ ᠪᠠᠰᠠ ᠦᠢᠯᠡᠳᠬᠦᠨ ᠤ ᠦᠵᠡᠭᠦᠯᠭᠡ ᠶᠢᠨ ᠲᠣᠭᠤᠷᠢᠭ ᠭᠠᠷᠭᠠᠵᠤ᠂ ᠡᠯ᠎ᠡ ᠲᠥᠷᠥᠯ ᠤᠨ ᠪᠠᠶᠢᠩᠭᠤ ᠲᠣᠬᠢᠶᠠᠯᠳᠤᠬᠤ ᠬᠡᠷᠡᠭᠰᠡᠯ ᠢ ᠳᠡᠯᠭᠡᠨ ᠦᠵᠡᠭᠦᠯᠵᠦ᠂ ᠠᠵᠢᠯᠲᠠᠳ ᠰᠢᠭᠤᠳ ᠦᠵᠡᠭᠦᠯᠦᠯᠭᠡ ᠪᠠᠷ ᠳᠠᠮᠵᠢᠨ᠂ ᠣᠯᠠᠨ ᠲᠦᠮᠡᠨ ᠢ ᠬᠠᠪᠰᠤᠷᠤᠨ ᠢᠯᠭᠠᠨ ᠲᠠᠨᠢᠬᠤ ᠴᠢᠳᠠᠪᠤᠷᠢ ᠶᠢ ᠨᠢ ᠳᠡᠭᠡᠭᠰᠢᠯᠡᠭᠦᠯᠪᠡ᠃
2.jpg
        ︽ᠠᠵᠢᠯᠲᠠᠨ ᠤ ᠲᠠᠶᠢᠯᠪᠤᠷᠢᠯᠠᠯᠲᠠ ᠶᠢ ᠰᠣᠨᠣᠰᠤᠭᠠᠳ ᠮᠠᠰᠢ ᠶᠡᠭᠡ ᠣᠯᠤᠯᠲᠠ ᠲᠠᠢ ᠪᠣᠯᠵᠠᠢ᠂ ᠬᠤᠶᠢᠰᠢᠳᠠ ᠡᠶᠢᠮᠦ ᠠᠵᠢᠯᠯᠠᠭ᠎ᠠ ᠶᠢ ᠢᠯᠡᠭᠦᠬᠡᠨ ᠬᠢᠬᠦ ᠶᠢ ᠬᠦᠰᠡᠵᠦ ᠪᠠᠶᠢᠨ᠎ᠠ︾ ᠭᠡᠵᠦ ᠤᠯᠠᠭᠠᠨᠬᠤᠲᠠ ᠶᠢᠨ ᠠᠷᠠᠳ ᠯᠢ ᠭᠦᠸᠧ ᠫᠧᠩ ᠬᠡᠯᠡᠪᠡ᠃        ᠲᠣᠰ ᠤᠳᠠᠭᠠᠨ ᠤ ᠠᠵᠢᠯᠯᠠᠭ᠎ᠠ ᠨᠢ ︽ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠬᠡᠷᠡᠭᠵᠢᠭᠦᠯᠵᠦ ᠰᠡᠳᠬᠢᠯ ᠬᠠᠨᠤᠮᠵᠢᠲᠠᠶ ᠬᠡᠷᠡᠭᠯᠡᠭᠡ ᠶᠢ ᠬᠠᠮᠲᠤ ᠪᠠᠷ ᠴᠣᠭᠴᠠᠯᠠᠬᠤ︾ ᠪᠠᠷ ᠭᠤᠤᠯ ᠰᠡᠳᠦᠪ ᠪᠣᠯᠭᠠᠵᠤ᠂ ᠨᠡᠶᠢᠲᠡ ᠬᠤᠶᠠᠷ ᠬᠤᠷᠠᠯ ᠤᠨ ᠲᠠᠯᠠᠪᠠᠶ ᠭᠠᠷᠭᠠᠵᠤ᠂ ᠭᠤᠤᠯ ᠬᠤᠷᠠᠯ ᠤᠨ ᠲᠠᠯᠠᠪᠠᠶ ᠤᠯᠠᠭᠠᠨᠬᠤᠲᠠ ᠶᠢᠨ ᠸᠠᠨ ᠳ᠋ᠠ ᠬᠤᠳᠠᠯᠳᠤᠭᠠᠨ ᠤ ᠲᠠᠯᠠᠪᠠᠶ ᠳᠤ ᠪᠠᠶᠢᠵᠤ᠂ ᠬᠤᠪᠢᠶᠠᠷᠢ ᠬᠤᠷᠠᠯ ᠤᠨ ᠲᠠᠯᠠᠪᠠᠶ ᠶᠢ ᠤᠯᠠᠭᠠᠨᠬᠤᠲᠠ ᠶᠢᠨ ᠧᠦ ᠶᠠ ᠬᠤᠳᠠᠯᠳᠤᠭᠠᠨ ᠤ ᠲᠥᠪ ᠲᠤ ᠲᠣᠬᠢᠷᠠᠭᠤᠯᠪᠠ᠃ ᠠᠵᠢᠯᠯᠠᠭ᠎ᠠ ᠶᠢ ᠤᠯᠠᠭᠠᠨᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ ᠤᠯᠠᠭᠠᠨᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠯᠠᠭᠠᠨᠬᠤᠲᠠ ᠶᠢᠨ ᠬᠡᠷᠡᠭᠯᠡᠭᠴᠢᠳ ᠤᠨ ᠨᠡᠶᠢᠭᠡᠮᠯᠢᠭ ᠠᠴᠠ ᠤᠯᠠᠭᠠᠨᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠤᠯᠠᠭᠠᠨᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠵᠡᠷᠭᠡ 6 ᠰᠠᠯᠠᠭ᠎ᠠ ᠮᠥᠴᠢᠷ ᠲᠠᠢ ᠬᠠᠮᠲᠤᠷᠠᠨ ᠡᠷᠬᠢᠯᠡᠵᠦ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠪᠠᠷ ᠳᠡᠮᠵᠢᠨ᠂ ᠡᠷᠬᠡ ᠲᠡᠭᠰᠢ ᠲᠥᠪ ᠭᠤᠤᠯᠴᠢ᠂ ᠵᠢᠷᠤᠮᠵᠢᠯ ᠲᠠᠢ ᠡᠮᠬᠢ ᠵᠢᠷᠤᠮ ᠲᠠᠢ᠂ ᠣᠯᠠᠨ ᠲᠦᠮᠡᠨ ᠢ ᠰᠠᠨᠠᠭ᠎ᠠ ᠠᠮᠤᠷ ᠬᠠᠨᠤᠮᠵᠢᠲᠠᠶ ᠵᠠᠬ᠎ᠠ ᠳᠡᠯᠭᠡᠭᠦᠷ ᠤᠨ ᠬᠡᠷᠡᠭᠯᠡᠭᠡᠨ ᠤ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠶᠢᠨ ᠲᠥᠯᠥᠭᠡ ᠶᠤᠮ᠃ ᠲᠣᠰ ᠤᠳᠠᠭᠠᠨ ᠤ ᠠᠵᠢᠯᠯᠠᠭ᠎ᠠ ᠳᠤ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ 2000 ᠭᠠᠷᠤᠶ ᠬᠤᠪᠢ ᠲᠠᠷᠬᠠᠭᠠᠵᠤ᠂ 5000 ᠭᠠᠷᠤᠶ ᠬᠥᠮᠦᠨ ᠤᠳᠠᠭ᠎ᠠ ᠠᠰᠠᠭᠤᠨ ᠯᠠᠪᠯᠠᠬᠤ ᠦᠢᠯᠡᠴᠢᠯᠡᠭᠡ ᠬᠠᠩᠭᠠᠪᠠ᠃
3.jpg
        ︽ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠬᠡᠷᠡᠭᠯᠡᠭᠴᠢᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠡᠷᠬᠡ ᠪᠠᠨ ᠬᠠᠮᠠᠭᠠᠯᠠᠬᠤ ᠴᠢᠳᠠᠪᠤᠷᠢ ᠶᠢ ᠴᠢᠩᠭᠠᠳᠬᠠᠬᠤ ᠪᠠᠷ ᠪᠠᠷᠠᠬᠤ ᠥᠬᠡᠶ᠂ ᠪᠠᠰᠠ ᠵᠠᠬ᠎ᠠ ᠳᠡᠯᠭᠡᠭᠦᠷ ᠤᠨ ᠡᠮᠬᠢ ᠵᠢᠷᠤᠮ ᠢ ᠵᠢᠷᠤᠮᠵᠢᠭᠤᠯᠬᠤ᠂ ᠭᠤᠤᠯᠴᠢ ᠠᠷᠠᠯᠵᠢᠶ᠎ᠠ ᠶᠢ ᠠᠬᠢᠭᠤᠯᠬᠤ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠪᠡ︾᠃ ᠤᠯᠠᠭᠠᠨᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠬᠤᠶᠠᠳᠤᠭᠠᠷ ᠳᠡᠰ ᠤᠨ ᠡᠷᠬᠢᠯᠡᠭᠴᠢ ᠭᠡᠰᠢᠭᠦᠨ ᠯᠢᠦ ᠯᠢ ᠵᠢᠶᠦ᠋ᠨ ᠢᠯᠡᠷᠬᠡᠶᠢᠯᠡᠬᠦ ᠳᠡᠭᠡᠨ᠂ ᠵᠠᠯᠭᠠᠭᠠᠳ ᠂ ᠤᠯᠠᠭᠠᠨᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠡᠷᠡᠭᠯᠡᠭᠡᠨ ᠤ ᠡᠷᠬᠡ ᠶᠢ ᠬᠠᠮᠠᠭᠠᠯᠠᠬᠤ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠯ᠎ᠡ ᠲᠥᠷᠥᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠥᠷᠭᠡᠨ ᠣᠯᠠᠨ ᠬᠡᠷᠡᠭᠯᠡᠭᠴᠢᠳ ᠲᠤ ᠨᠠᠩ ᠬᠠᠨᠤᠮᠵᠢᠲᠠᠶ᠂ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ ᠭᠡᠵᠡᠶ᠃   
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号