ᠰᠢᠨ᠎ᠡ ᠬᠤᠲᠠ ᠵᠡᠭᠡᠯᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠨᠠᠷᠢᠨ ᠲᠠᠩᠰᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/17
        ᠶᠡᠷᠦᠩᠬᠡᠶ ᠱᠦᠵᠢ ᠰᠢ ᠶᠢᠨ ᠫᠢᠩ ᠤᠨ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠵᠦᠢᠯᠡᠰ ᠤᠨ ᠨᠠᠷᠢᠨ ᠲᠠᠩᠰᠠ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠰᠢᠯᠢᠳᠡᠭᠵᠢᠭᠦᠯᠬᠦ ᠶᠢᠨ ᠲᠥᠯᠥᠭᠡ᠂ 3 ᠰᠠᠷ᠎ᠠ ᠶᠢᠨ 12 ᠤᠨ ᠡᠳᠦᠷ᠂ ᠰᠢᠨ᠎ᠡ ᠬᠤᠲᠠ ᠵᠡᠭᠡᠯᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠵᠦᠢᠯᠡᠰ ᠤᠨ ᠨᠠᠷᠢᠨ ᠲᠠᠩᠰᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠲᠣᠰ ᠤᠳᠠᠭᠠᠨ ᠤ ᠬᠤᠷᠠᠯ ᠨᠢ ᠡᠯ᠎ᠡ ᠵᠦᠢᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠡᠮᠬᠢᠯᠡᠬᠦ ᠪᠠ ᠲᠣᠳᠣᠷᠬᠠᠶᠢᠯᠠᠬᠤ ᠶᠢᠨ ᠲᠣᠭᠤᠷᠢᠨ ᠳᠤ ᠥᠷᠨᠢᠭᠦᠯᠵᠦ᠂ ᠵᠡᠭᠡᠯᠢ ᠶᠢᠨ ᠤᠳᠤᠷᠢᠳᠬᠤ ᠪᠠᠭ ᠤᠨ ᠭᠡᠰᠢᠭᠦᠨ᠂ ᠪᠠᠶᠢᠭᠤᠯᠭ᠎ᠠ ᠶᠢᠨ ᠪᠥᠬᠦ ᠺᠠᠳ᠋ᠷᠴᠤᠳ ᠬᠤᠷᠠᠯ ᠳᠤ ᠣᠷᠣᠯᠴᠠᠵᠤ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠯᠢ ᠰᠧ ᠨᠢᠩ ᠬᠤᠷᠠᠯ ᠢ ᠡᠷᠭᠢᠯᠡᠪᠡ᠃        ᠬᠤᠷᠠᠯ ᠳᠡᠭᠡᠷ᠎ᠡ᠂ ᠨᠠᠮ ᠤᠨ ᠠᠵᠢᠯ ᠤᠨ ᠵᠥᠪᠯᠡᠯ ᠤᠨ ᠳᠡᠳ᠋ ᠱᠦᠵᠢ ᠦ᠋ ᠬᠤᠩ ᠰᠢᠶᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠨᠠᠷᠢᠨ ᠲᠠᠩᠰᠠ ᠶᠢᠨ ᠡᠯ᠎ᠡ ᠵᠦᠢᠯ ᠤᠨ ᠠᠭᠤᠯᠭ᠎ᠠ ᠶᠢ ᠨᠠᠷᠢᠨ ᠲᠠᠶᠢᠯᠪᠤᠷᠢᠯᠠᠵᠤ᠂ ᠨᠠᠮ ᠤᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠦᠢᠯᠡᠴᠢᠯᠡᠭᠡ᠂ ᠠᠮᠤᠷ ᠠᠮᠤᠭᠤᠯᠠᠩ ᠬᠠᠤᠯᠢᠵᠢᠯ ᠤᠨ ᠵᠡᠷᠭᠡ ᠤᠯᠠᠨ ᠲᠠᠯ᠎ᠠ ᠶᠢ ᠬᠠᠮᠤᠷᠴᠠᠢ᠃ ᠬᠤᠷᠠᠯ ᠠᠴᠠ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠲᠤᠰ ᠲᠤᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠪᠠᠨ ᠤᠯᠠᠮ ᠨᠢᠭᠡ ᠠᠯᠬᠤᠮ ᠬᠢᠨᠠᠨ ᠬᠠᠷᠭᠤᠭᠤᠯᠬᠤ ᠴᠢᠬᠤᠯᠠᠲᠠᠢ᠃ ᠠᠵᠢᠯ ᠤᠨ ᠲᠤᠰᠬᠠᠶ ᠠᠩᠭᠢ ᠨᠢ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠲᠠᠢ ᠢᠳᠡᠪᠬᠢᠲᠡᠶ ᠪᠠᠷ ᠨᠡᠪᠲᠡᠷᠡᠯᠴᠡᠵᠦ᠂ ᠵᠡᠭᠡᠯᠢ ᠭᠤᠳᠤᠮᠵᠢ ᠶᠢᠨ ᠥᠪᠡᠷᠮᠢᠴᠡ᠂ ᠣᠨᠴᠠᠯᠢᠭᠲᠤ ᠠᠵᠢᠯ ᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠵᠦᠢᠯᠡᠰ ᠤᠨ ᠨᠠᠷᠢᠨ ᠬᠠᠭᠤᠳᠠᠰᠤ ᠳᠤ ᠠᠭᠤᠰᠬᠠᠨ ᠣᠷᠣᠭᠤᠯᠵᠤ᠂ ᠨᠠᠷᠢᠨ ᠬᠠᠭᠤᠳᠠᠰᠤ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠡᠯ᠎ᠡ ᠺᠠᠳ᠋ᠷᠴᠤᠳ ᠰᠢᠨᠵᠢ ᠴᠢᠨᠠᠷ ᠪᠠ ᠥᠩᠭᠡᠨ ᠲᠠᠯ᠎ᠠ ᠶᠢᠨ ᠠᠯᠳᠠᠭ᠎ᠠ ᠪᠤᠷᠤᠭᠤ ᠶᠢ ᠪᠠᠶᠢᠴᠠᠭᠠᠨ ᠨᠤᠲᠠᠯᠠᠵᠤ᠂ ᠨᠠᠷᠢᠨ ᠬᠢᠨᠠᠮᠠᠭᠠᠢ ᠪᠦᠷᠢᠳᠬᠡᠨ᠂ ᠵᠦᠢᠯᠡᠰ ᠤᠨ ᠢᠷᠡᠯᠲᠡ ᠶᠢ ᠪᠦᠬᠦ ᠲᠠᠯ᠎ᠠ ᠪᠠᠷ ᠡᠮᠬᠢᠯᠡᠵᠦ᠂ ᠦᠷᠭᠦᠯᠵᠢᠯᠡᠨ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠂ ᠡᠭᠦᠷᠭᠡ ᠬᠠᠷᠢᠭᠤᠴᠠᠯᠭ᠎ᠠ ᠨᠢᠭᠡᠪᠦᠷᠢ ᠳᠤ ᠴᠥᠮ ᠲᠣᠳᠣᠷᠬᠠᠢ ᠬᠠᠷᠢᠶᠠᠯᠠᠯ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠩᠭᠠᠳᠬᠠᠵᠠᠢ᠃ ᠵᠡᠭᠡᠯᠢ ᠶᠢᠨ ᠤᠳᠤᠷᠢᠳᠬᠤ ᠪᠠᠭ ᠤᠨ ᠭᠡᠰᠢᠭᠦᠨ ᠪᠠ ᠪᠥᠬᠦ ᠪᠠᠶᠢᠭᠤᠯᠭ᠎ᠠ ᠶᠢᠨ ᠺᠠᠳ᠋ᠷ ᠬᠠᠮᠲᠤ ᠪᠠᠷ ᠶᠠᠷᠢᠯᠴᠠᠭ᠎ᠠ ᠳᠤ ᠣᠷᠣᠯᠴᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠵᠦᠢᠯᠡᠰ ᠤᠨ ᠨᠠᠷᠢᠨ ᠲᠠᠩᠰᠠ ᠶᠢ ᠨᠠᠷᠢᠨ ᠬᠢᠨᠠᠮᠠᠭᠠᠶ ᠪᠠᠶᠢᠴᠠᠭᠠᠵᠤ᠂ ᠪᠣᠳᠠᠲᠠᠶ ᠠᠵᠢᠯ ᠤᠨ ᠪᠠᠶᠢᠳᠠᠯ ᠲᠠᠢ ᠪᠠᠨ ᠤᠶᠠᠯᠳᠤᠭᠤᠯᠤᠨ᠂ ᠮᠠᠰᠢ ᠣᠯᠠᠨ ᠪᠦᠲᠦᠭᠡᠯᠴᠢ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠴᠤ᠂ ᠨᠠᠷᠢᠨ ᠲᠠᠩᠰᠠ ᠶᠢᠨ ᠪᠦᠷᠢᠨ ᠪᠦᠲᠦᠨ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠵᠦᠶ ᠶᠣᠰᠣᠴᠢ ᠴᠢᠨᠠᠷ ᠢ ᠦᠨᠡᠨ ᠬᠦ ᠪᠠᠲᠤᠯᠠᠵᠤ᠂ ᠨᠠᠷᠢᠨ ᠲᠠᠩᠰᠠ ᠢ ᠪᠡᠶᠡᠯᠡᠭᠦᠯᠬᠦ ᠶᠠᠰᠤ ᠴᠢᠨᠠᠷ ᠢ ᠳᠡᠭᠡᠭᠰᠢᠯᠡᠭᠦᠯᠪᠡ᠃        ᠲᠠᠷᠠᠭᠠᠴᠢ ᠶᠢᠨ ᠠᠯᠬᠤᠮ ᠳᠤ᠂ ᠰᠢᠨ᠎ᠡ ᠬᠤᠲᠠ ᠵᠡᠭᠡᠯᠢ ᠡᠯ᠎ᠡ ᠱᠠᠲᠤᠨ ᠤ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠷᠭᠦᠯᠵᠢᠯᠡᠨ ᠯᠠᠪᠳᠠᠭᠤᠨ ᠪᠠᠲᠤᠲᠠᠶ ᠴᠢᠩᠭ᠎ᠠ ᠨᠢᠮᠪᠠᠶ ᠠᠵᠢᠯ ᠤᠨ ᠰᠤᠷᠲᠠᠯ ᠢᠶᠠᠨ ᠪᠠᠷᠢᠮᠲᠠᠯᠠᠵᠤ᠂ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠵᠦᠢᠯᠡᠰ ᠤᠨ ᠨᠠᠷᠢᠨ ᠲᠠᠩᠰᠠ ᠶᠢᠨ ᠠᠵᠢᠯ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃   
 
ᠢᠷᠡᠯᠲᠡ᠄ ᠤᠯᠠᠭᠠᠨᠬᠤᠲᠠ ᠶᠢᠨ ᠰᠢᠨ᠎ᠡ ᠬᠤᠲᠠ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号