ᠬᠢᠨᠭ᠍ᠭᠠᠨ ᠠᠶᠢᠮᠠᠭ ᠤᠨ ᠡᠯ᠎ᠠ ᠰᠤᠷᠭᠠᠭᠤᠯᠢ ᠪᠡᠶ᠎ᠡ ᠶᠢᠨ ᠲᠠᠮᠢᠷ ᠤᠨ ᠭᠥᠳᠡᠯᠬᠡᠬᠡᠨ ᠢᠶᠠᠷ ᠰᠤᠷᠤᠬᠴᠢᠳ ᠤᠨ ᠪᠦᠬᠦ ᠲᠠᠯ᠎ᠠ ᠶᠢᠨ ᠬᠦᠭᠵᠢᠯᠲᠠ ᠶᠢ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2025/3/18
        2025 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠨ ᠠᠴᠠ ᠨᠠᠭᠠᠰᠢ᠂ ᠬᠢᠨᠭ᠍ᠭᠠᠨ ᠠᠶᠢᠮᠠᠭ ᠤᠨ ᠡᠯ᠎ᠠ ᠳᠤᠮᠳᠠᠳᠤ ᠪᠠᠭ᠎ᠠ ᠰᠤᠷᠭᠠᠭᠤᠯᠢ ︽ᠳᠤᠮᠳᠠᠳᠤ ᠪᠠᠭ᠎ᠠ ᠰᠤᠷᠭᠠᠭᠤᠯᠢ ᠡᠳᠦᠷ ᠪᠦᠷᠢ ᠶᠢᠨ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠭᠥᠳᠡᠯᠬᠡᠬᠡᠨ ᠤ ᠴᠠᠭ ᠢ 2 ᠴᠠᠭ ᠠᠴᠠ ᠳᠣᠷᠣᠭᠰᠢ ᠪᠠᠶᠢᠯᠭᠠᠬᠤ ᠦᠭᠡᠢ︾ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠤᠷᠤᠭᠴᠢᠳ ᠤᠨ ᠪᠡᠶ᠎ᠡ ᠮᠠᠬᠠᠪᠣᠳ ᠢ ᠴᠢᠭᠢᠷᠠᠭᠵᠢᠭᠤᠯᠬᠤ ᠲᠥᠯᠥᠪᠯᠡᠭᠡ ᠶᠢ ᠬᠡᠷᠡᠭᠵᠢᠭᠦᠯᠬᠦ ᠶᠢ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠭᠥᠳᠡᠯᠬᠡᠬᠡᠨ ᠤ ︽ᠴᠠᠭ ᠨᠡᠮᠡᠵᠦ ᠬᠡᠮᠵᠢᠶ᠎ᠡ ᠶᠢ ᠨᠢ ᠨᠡᠮᠡᠭᠳᠡᠭᠦᠯᠵᠦ︾᠂ ᠰᠤᠷᠤᠭᠴᠢᠳ ᠤᠨ ᠪᠡᠶ᠎ᠡ ᠶᠢᠨ ᠲᠠᠮᠢᠷ ᠤᠨ ᠭᠥᠳᠡᠯᠬᠡᠬᠡᠨ ᠤ ᠳᠤᠮᠳᠠ ᠪᠠᠶᠠᠷ ᠪᠠᠭ᠋ᠠᠳᠤᠯ ᠭᠥᠷᠳᠡᠬᠦ᠂ ᠪᠡᠶ᠎ᠡ ᠮᠠᠬᠠᠪᠣᠳ ᠢ ᠴᠢᠭᠢᠷᠠᠭᠵᠢᠭᠤᠯᠬᠤ᠂ ᠶᠣᠰᠣ ᠰᠤᠷᠲᠠᠬᠤᠨ ᠢᠶᠠᠷ ᠴᠢᠳᠠᠪᠦᠷᠢᠲᠠᠨ ᠬᠥᠮᠦᠵᠢᠭᠦᠯᠬᠦ ᠦᠨᠳᠦᠰᠦᠨ ᠡᠭᠦᠷᠭᠡ ᠶᠢᠨ ᠰᠢᠨ᠎ᠡ ᠪᠠᠶᠢᠷᠢᠰᠢᠯ ᠢ ᠪᠣᠶ ᠪᠣᠯᠭᠠᠪᠠ᠃        ᠡᠯ᠎ᠡ ᠭᠠᠵᠠᠷ ᠡᠯ᠎ᠡ ᠰᠤᠷᠭᠠᠭᠤᠯᠢ ᠬᠢᠴᠢᠶᠡᠯ ᠤᠨ ᠴᠠᠭ ᠤᠨ ᠶᠡᠷᠦᠩᠬᠡᠶ ᠬᠡᠮᠵᠢᠶ᠎ᠡ ᠶᠢ ᠨᠡᠮᠡᠭᠳᠡᠭᠦᠯᠬᠦ ᠦᠭᠡᠶ ᠤᠷᠢᠲᠠᠯ ᠳᠣᠤᠷ᠎ᠠ᠂ ᠰᠤᠷᠤᠭᠴᠢᠳ ᠤᠨ ᠪᠠᠶᠢᠳᠠᠯ ᠢ ᠦᠨᠳᠦᠰᠦᠯᠡᠨ ᠬᠢᠴᠢᠶᠡᠯ ᠤᠨ ᠬᠦᠰᠦᠨᠦᠭᠲᠦ ᠶᠢ ᠵᠦᠶ ᠵᠣᠬᠢᠰᠲᠠᠶ ᠲᠣᠬᠢᠷᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠡ ᠤ ᠰᠤᠷᠭᠠᠭᠤᠯᠢ ᠡᠳᠦᠷ ᠪᠦᠷᠢ ᠶᠢᠨ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠬᠢᠴᠢᠶᠡᠯ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠭᠠᠷᠠᠭ ᠪᠦᠷᠢ ᠠᠳᠠᠭ ᠲᠠᠭᠠᠨ ᠬᠤᠶᠠᠷ ᠤᠳᠠᠭ᠎ᠠ ᠪᠡᠶ᠎ᠡ ᠶᠢᠨ ᠲᠠᠮᠢᠷ ᠤᠨ ᠬᠢᠴᠢᠶᠡᠯ ᠲᠣᠬᠢᠷᠠᠭᠤᠯᠬᠤ ᠶᠢ ᠪᠠᠲᠤᠯᠠᠵᠦ ᠪᠠᠶᠢᠨ᠎ᠠ᠃ ᠡᠭᠦᠨ ᠤ ᠬᠠᠮᠲᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠪᠡᠶ᠎ᠡ ᠶᠢᠨ ᠲᠠᠮᠢᠷ ᠤᠨ ᠬᠢᠴᠢᠶᠡᠯ ᠤᠨ ᠵᠢᠭᠠᠨ ᠰᠤᠷᠭᠠᠯᠲᠠ ᠶᠢ ᠢᠳᠡᠪᠬᠢᠲᠡᠶ ᠠᠬᠢᠭᠤᠯᠵᠤ᠂ ᠪᠡᠶ᠎ᠡ ᠶᠢᠨ ᠲᠠᠮᠢᠷ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ ᠪᠠᠶᠢᠨ᠎ᠠ᠃        ᠡᠯ᠎ᠡ ᠰᠤᠷᠭᠠᠭᠤᠯᠢ ᠶᠢᠨ ᠬᠢᠴᠢᠶᠡᠯ ᠤᠨ ᠵᠠᠪᠰᠠᠷᠯᠠᠭ᠎ᠠ ᠶᠢᠨ ᠴᠠᠭ ᠢ 10 ᠮᠢᠨᠦ᠋ᠲ ᠠᠴᠠ 15 ᠮᠢᠨᠦ᠋ᠲ ᠪᠣᠯᠭᠠᠨ ᠲᠣᠬᠢᠷᠠᠭᠤᠯᠵᠤ᠂ ᠦᠳᠡ ᠶᠢᠨ ᠬᠤᠶᠢᠨ᠎ᠠ ᠨᠢ ᠭᠤᠤᠯ ᠰᠡᠳᠦᠪᠲᠦ ᠪᠡᠶ᠎ᠡ ᠶᠢᠨ ᠲᠠᠮᠢᠷ ᠤᠨ ᠬᠢᠴᠢᠶᠡᠯ ᠤᠨ ᠲᠠᠰᠤᠭ ᠪᠠ ᠨᠢᠳᠦᠨ ᠤ ᠡᠷᠡᠭᠦᠯᠵᠢᠯ ᠤᠨ ᠲᠠᠮᠢᠷ ᠲᠣᠬᠢᠷᠠᠭᠤᠯᠵᠤ᠂ ᠤᠳᠠᠭ᠎ᠠ ᠪᠦᠷᠢ ᠶᠢᠨ ᠭᠤᠤᠯ ᠰᠡᠳᠦᠪᠲᠦ ᠪᠡᠶ᠎ᠡ ᠶᠢᠨ ᠲᠠᠮᠢᠷ ᠤᠨ ᠬᠢᠴᠢᠶᠡᠯ ᠤᠨ ᠵᠠᠪᠰᠠᠷᠯᠠᠭ᠎ᠠ ᠶᠢᠨ ᠴᠠᠭ ᠢ 30 ᠮᠢᠨᠦ᠋ᠲ ᠠᠴᠠ ᠳᠤᠲᠠᠭᠤ ᠪᠠᠶᠢᠯᠭᠠᠬᠤ ᠦᠭᠡᠢ ᠪᠠᠶᠢᠳᠠᠯ ᠢ ᠪᠠᠲᠦᠯᠠᠵᠦ᠂ ᠲᠤᠬᠠᠶ ᠶᠢᠨ ᠡᠳᠦᠷ ᠤᠨ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠴᠠᠭ ᠨᠢ 2 ᠴᠠᠭ ᠬᠥᠷᠬᠦ ᠥᠬᠡᠶ ᠪᠠᠶᠢᠪᠠᠯ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠭᠦᠢᠴᠡᠳ ᠠᠰᠢᠭᠯᠠᠨ ᠰᠤᠷᠭᠠᠭᠤᠯᠢ ᠶᠢᠨ ᠬᠦᠷᠢᠶᠠᠨ ᠤ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠭᠥᠳᠡᠯᠬᠡᠬᠡᠨ ᠢ ᠦᠷᠨᠢᠭᠦᠯᠵᠦ ᠪᠠᠶᠢᠨ᠎ᠠ᠃        ᠡᠯ᠎ᠡ ᠰᠤᠷᠭᠠᠭᠤᠯᠢ ᠪᠠᠰᠠ ᠠᠮᠢᠳᠤᠯᠢᠭ ᠪᠥᠭᠡᠳ ᠣᠯᠠᠨ ᠶᠠᠩᠵᠤ ᠶᠢᠨ ᠳᠤᠷ᠎ᠠ ᠰᠣᠨᠢᠷᠬᠠᠯᠲᠦ ᠠᠵᠢᠯᠯᠠᠭᠠᠨ ᠦᠷᠨᠢᠬᠦᠯᠬᠦ ᠶᠢ ᠪᠠᠷᠢᠮᠲᠠᠯᠠᠵᠤ᠂ ᠬᠥᠯ ᠪᠥᠮᠪᠦᠭᠡ᠂ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠪᠠ ᠡᠯ᠎ᠠ ᠵᠦᠢᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠲᠦᠭᠡᠮᠡᠯᠵᠢᠭᠦᠯᠦᠨ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠵᠡᠪᠰᠡᠭ ᠤᠨ ᠡᠷᠳᠡᠮ᠂ ᠳᠡᠭᠡᠰᠦ ᠦᠰᠦᠷᠬᠦ᠂ ᠳᠡᠭᠡᠰᠦ ᠲᠠᠳᠠᠬᠤ᠂ ᠫᠢᠩᠫᠤᠩ ᠪᠥᠮᠪᠦᠭᠡ ᠨᠠᠭᠠᠳᠬᠤ ᠵᠡᠷᠭᠡ ᠰᠤᠷᠤᠭᠴᠢᠳ ᠤᠨ ᠦᠵᠡᠵᠦ ᠰᠣᠨᠢᠷᠬᠠᠬᠤ ᠳᠤᠷᠠᠲᠠᠶ ᠪᠡᠶ᠎ᠡ ᠶᠢᠨ ᠲᠠᠮᠢᠷ ᠤᠨ ᠲᠥᠷᠥᠯ ᠵᠦᠢᠯ ᠢ ᠠᠮᠢᠳᠤᠯᠢᠭ ᠢᠶᠠᠷ ᠦᠷᠨᠢᠭᠦᠯᠵᠦ᠂ ᠰᠤᠷᠤᠬᠴᠢᠳ ᠤᠨ ᠪᠡᠶ᠎ᠡ ᠶᠢᠨ ᠲᠠᠮᠢᠷ ᠤᠨ ᠭᠥᠳᠡᠯᠬᠡᠬᠡᠨ ᠤ ᠲᠤᠮᠳᠠ ᠪᠠᠶᠠᠷ ᠪᠠᠶᠠᠰᠦᠯ ᠬᠦᠷᠲᠡᠬᠦ ᠶᠢ ᠦᠨᠡᠨ ᠬᠦ ᠪᠠᠲᠦᠯᠠᠵᠦ ᠪᠠᠶᠢᠨ᠎ᠠ᠃ ᠡᠭᠦᠨ ᠢᠶᠠᠷ ᠦᠯᠦ ᠪᠠᠷᠠᠨ᠂ ᠡᠯ᠎ᠡ ᠭᠠᠵᠠᠷ ᠤᠨ ᠬᠢᠨ ᠪᠡᠶ᠎ᠡ ᠶᠢᠨ ᠲᠠᠮᠢᠷ ᠤᠨ ᠪᠠᠭᠰᠢ ᠶᠢ ᠢᠳᠡᠪᠬᠢᠲᠡᠶ ᠭᠦᠢᠴᠡᠳ ᠲᠣᠬᠢᠷᠠᠭᠤᠯᠵᠤ᠂ ︽ᠮᠡᠷᠭᠡᠵᠢᠯ ᠢ ᠬᠦᠴᠦᠷᠬᠡᠭᠵᠢᠭᠦᠯᠦᠨ ᠴᠢᠳᠠᠪᠤᠷᠢ ᠶᠢ ᠳᠡᠭᠡᠭᠰᠢᠯᠡᠭᠦᠯᠬᠦ︾ ᠪᠣᠯᠪᠠᠰᠤᠷᠠᠯ ᠬᠦᠷᠲᠡᠭᠡᠬᠦ ᠠᠵᠢᠯᠯᠠᠭ᠎ᠠ ᠦᠷᠨᠢᠭᠦᠯᠵᠦ᠂ ᠵᠢᠭᠠᠨ ᠰᠤᠷᠭᠠᠯᠲᠠ ᠶᠢᠨ ᠣᠨᠣᠯᠵᠢᠬᠤᠨ ᠬᠢᠭᠡᠳ ᠠᠷᠭ᠎ᠠ ᠶᠢ ᠣᠷᠣᠭᠤᠯᠤᠨ ᠠᠪᠴᠢᠷᠠᠵᠤ᠂ ᠪᠡᠶ᠎ᠡ ᠶᠢᠨ ᠲᠠᠮᠢᠷ ᠤᠨ ᠰᠤᠷᠭᠠᠭᠤᠯᠢ᠂ ᠪᠡᠶ᠎ᠡ ᠶᠢᠨ ᠲᠠᠮᠢᠷ ᠤᠨ ᠺᠯᠦᠪ ᠵᠡᠷᠭᠡ ᠲᠠᠢ ᠣᠯᠠᠨ ᠲᠠᠯ᠎ᠠ ᠶᠢᠨ ᠬᠠᠮᠲᠤᠷᠠᠯᠴᠠᠭ᠎ᠠ ᠶᠢ ᠥᠷᠨᠢᠭᠦᠯᠵᠦ᠂ ᠪᠡᠶ᠎ᠡ ᠶᠢᠨ ᠲᠠᠮᠢᠷ ᠤᠨ ᠤᠷᠤᠯᠳᠤᠭᠠᠨ ᠢ ᠴᠢᠨᠠᠷ ᠰᠠᠶᠢᠲᠠᠶ ᠥᠷᠨᠢᠭᠦᠯᠬᠦ ᠪᠠ ᠪᠡᠶ᠎ᠡ ᠶᠢᠨ ᠲᠠᠮᠢᠷ ᠢᠶᠠᠷ ᠴᠢᠳᠠᠪᠦᠷᠢᠲᠠᠨ ᠬᠥᠮᠦᠵᠢᠭᠦᠯᠬᠦ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠪᠠᠭᠰᠢ ᠶᠢᠨ ᠪᠠᠲᠤᠯᠠᠭ᠎ᠠ ᠬᠠᠩᠭᠠᠵᠦ ᠪᠠᠶᠢᠨ᠎ᠠ᠃        ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠳᠦᠷ ᠪᠦᠷᠢ ᠶᠢᠨ 2 ᠴᠠᠭ ᠤᠨ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠭᠥᠳᠡᠯᠬᠡᠬᠡᠨ ᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠦᠨ ᠨᠠᠶᠢᠳᠠᠪᠤᠷᠢᠵᠢᠭᠤᠯᠬᠤ ᠨᠢ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠠᠰᠢᠭᠲᠠᠶ ᠪᠥᠭᠡᠳ ᠨᠡᠩ ᠴᠤ ᠰᠤᠷᠤᠭᠴᠢᠳ ᠤᠨ ᠪᠦᠯᠬᠦᠮ ᠨᠡᠶᠢᠲᠡ ᠶᠢᠨ ᠵᠣᠷᠢᠭ ᠰᠠᠨᠠᠭ᠎ᠠ᠂ ᠥᠷᠢᠰᠥᠯᠳᠦᠬᠦ ᠦᠵᠡᠯ ᠤᠬᠠᠮᠰᠠᠷ ᠪᠣᠯᠤᠨ ᠰᠢᠨᠲᠠᠷᠠᠰᠢ ᠦᠭᠡᠶ ᠵᠣᠷᠢᠭ ᠰᠠᠨᠠᠭ᠎ᠠ ᠶᠢ ᠬᠥᠮᠦᠵᠢᠭᠦᠯᠬᠦ ᠳᠤ ᠠᠰᠢᠭᠲᠠᠶ ᠶᠤᠮ᠃        ᠲᠠᠷᠠᠭᠠᠴᠢ ᠪᠠᠷ᠂ ᠬᠢᠩᠭᠠᠨ ᠠᠶᠢᠮᠠᠭ ᠤᠨ ᠰᠤᠷᠭᠠᠨ ᠬᠥᠮᠦᠵᠢᠯ ᠤᠨ ᠰᠢᠰᠲ᠋ᠧᠮ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠬᠤ ᠶᠢ ᠴᠢᠩᠭᠠᠳᠬᠠᠵᠤ᠂ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠬᠢᠴᠢᠶᠡᠯ ᠤᠨ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ ︽ᠬᠡᠷ ᠪᠦᠯᠢ ᠰᠤᠷᠭᠠᠭᠤᠯᠢ ᠨᠡᠶᠢᠭᠡᠮ ᠲᠣᠭᠤᠷᠢᠭ︾ ᠬᠠᠮᠵᠢᠯᠴᠠᠨ ᠰᠤᠷᠤᠭᠴᠢᠳ ᠤᠨ ᠪᠡᠶ᠎ᠡ ᠰᠡᠳᠭᠢᠴᠠ ᠶᠢᠨ ᠡᠷᠡᠭᠦᠯ ᠢᠶᠠᠷ ᠬᠥᠭᠵᠢᠬᠦ ᠶᠢ ᠬᠠᠮᠵᠢᠯᠴᠠᠨ ᠠᠬᠢᠭᠤᠯᠬᠤ ᠰᠠᠶᠢᠨ ᠰᠠᠶᠢᠬᠠᠨ ᠪᠠᠶᠢᠳᠠᠯ ᠢ ᠪᠣᠶ ᠪᠤᠯᠭᠠᠬᠤ ᠪᠤᠯᠦᠨ᠎ᠠ᠃ ︵ᠯᠢᠶᠠᠨ ᠪᠤᠤ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号